ᠰᠸᠤ ᠴᠤᠸ᠋ᠩ ᠦᠨᠡᠲᠦ ᠲᠡᠮᠳᠡᠭᠲᠦ ᠶᠢᠨ ᠢᠰᠠᠭᠤᠷᠢ ᠮᠥᠩᠭᠦ  · ᠢ ᠴᠡᠩᠭᠡᠯ ᠤᠨ ᠬᠦᠷᠢᠶᠡᠯᠡᠩ ᠤᠨ ᠤᠯᠠᠭᠠᠨᠴᠠᠪ ᠬᠤᠲᠠ ᠶᠢᠨ ᠲᠥᠷᠥᠯ  ᠵᠦᠢᠯ ᠤᠨ ᠪᠡᠯᠡᠭᠯᠡᠨ ᠬᠦᠷᠭᠡᠬᠦ ᠶᠣᠰᠣᠯᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/13

   9 ᠰᠠᠷ᠎ᠠ ᠶᠢᠨ 12᠎ ᠤᠨ ᠡᠳᠦᠷ᠂ ᠰᠸᠤ ᠴᠤᠸ᠋ᠩ ᠦᠨᠡᠲᠦ ᠲᠡᠮᠳᠡᠭᠲᠦ ᠶᠢᠨ ᠢ ᠰᠠᠭᠤᠷᠢ ᠮᠥᠩᠭᠦ · ᠢ ᠴᠡᠩᠭᠡᠯ ᠤᠨ

ᠬᠦᠷᠢᠶᠡᠯᠡᠩ ᠤᠨ ᠤᠯᠠᠭᠠᠨᠴᠠᠪ ᠬᠤᠲᠠ ᠶᠢᠨ ᠲᠥᠷᠥᠯ ᠵᠦᠢᠯ᠎ ᠤᠨ ᠬᠠᠨᠳᠢᠪᠯᠠᠬᠤ ᠶᠣᠰᠣᠯᠠᠯ ᠮᠠᠨ ᠤ ᠰᠢᠶᠠᠨ ᠤ ᠢᠦᠶ ᠼᠠᠢ

ᠪᠠᠭ᠎ᠠ ᠰᠤᠷᠭᠠᠭᠤᠯᠢ ᠳᠤ ᠶᠠᠪᠤᠭᠳᠠᠪᠠ᠃ ᠡᠭᠦᠳᠦᠨ ᠪᠦᠲᠦᠭᠡᠬᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦ ᠴᠤᠤ

ᠬᠤᠢ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢ ᠶᠦᠩ ᠭᠠᠩ᠂ ᠮᠠᠨ ᠤ

ᠰᠢᠶᠠᠨ ᠤ ᠨᠠᠮ ᠤᠨ ᠬᠤᠷᠢᠶ᠎ᠡ᠎ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ᠂

ᠰᠢᠶᠠᠨ ᠤ ᠨᠠᠮ ᠤᠨ ᠬᠤᠷᠢᠶ᠎ᠡ᠎ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠫᠠᠨ ᠸᠧᠨ᠂ ᠸᠠᠩ

ᠵᠧᠩ ᠢ᠂ ᠰᠢᠶᠠᠨ ᠤ ᠳᠡᠳ᠋ ᠳᠠᠷᠤᠭ᠎ᠠ ᠵᠤᠤ ᠬᠤᠢ ᠵᠢᠤᠢ ᠠᠵᠢᠯᠯᠠᠭ᠎ᠠ ᠳᠤ ᠣᠷᠣᠯᠴᠠᠪᠠ᠃

    ᠬᠦᠳᠡᠯᠭᠡᠭᠡᠨ ᠤ ᠲᠠᠯ᠎ᠠ ᠪᠠᠷ᠂ ᠠᠩᠬ᠎ᠠ ᠡᠭᠦᠳᠦᠭᠰᠡᠨ ᠦᠨᠡᠲᠦ ᠲᠡᠮᠳᠡᠭᠲᠦ ᠪᠠᠷ ᠢᠦᠢ ᠼᠠᠢ ᠪᠠᠭ᠎ᠠ ᠰᠤᠷᠭᠠᠭᠤᠯᠢ ᠳᠤ

ᠪᠡᠯᠡᠭ ᠤᠨ ᠫᠠᠶᠢᠰᠠ ᠣᠯᠭᠤᠵᠤ᠂ ᠰᠤᠷᠤᠭᠴᠢᠳ ᠤᠨ ᠲᠥᠯᠥᠭᠡᠯᠡᠭᠴᠢᠳ ᠲᠤ ᠰᠤᠷᠤᠯᠭ᠎ᠠ ᠶᠢ ᠲᠡᠳᠬᠦᠬᠦ ᠪᠡᠯᠡᠭ ᠬᠦᠷᠭᠡᠪᠡ᠃

   ᠯᠢ ᠺᠠᠶ ᠳ᠋ᠦᠩ ᠬᠠᠨᠳᠢᠪᠯᠠᠨ ᠬᠦᠷᠭᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠣᠶᠢᠷ᠎ᠠ ᠶᠢᠨ

ᠵᠢᠯ ᠤᠳ ᠲᠤ᠂ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ

ᠡᠯ᠎ᠡ ᠵᠦᠢᠯ᠎ ᠤᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠠᠪᠰᠤᠷᠤᠨ ᠲᠡᠳᠬᠦᠬᠦ ᠲᠣᠭᠲᠠᠴᠠ ᠶᠢ

ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠪᠰᠤᠷᠤᠨ ᠲᠡᠳᠬᠦᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂

ᠬᠠᠪᠰᠤᠷᠤᠨ ᠲᠡᠳᠬᠦᠬᠦ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠬᠠᠪᠰᠤᠷᠤᠨ ᠲᠡᠳᠬᠦᠬᠦ ᠦᠷ᠎ᠡ

ᠪᠦᠲᠦᠭᠡᠯ ᠢ ᠲᠠᠰᠤᠷᠠᠯᠲᠠ ᠥᠬᠡᠶ ᠢᠯᠡᠷᠡᠭᠦᠯᠦᠭᠰᠡᠨ ᠪᠠᠶᠢᠨ᠎ᠠ ᠭᠡᠵᠡᠶ᠃ ᠲᠣᠰ ᠤᠳᠠᠭ᠎ᠠ ᠰᠸᠤ ᠴᠤᠸ᠋ᠩ ᠦᠨᠡᠲᠦ

ᠲᠡᠮᠳᠡᠭᠲᠦ ᠶᠢᠨ ᠢ ᠰᠠᠭᠤᠷᠢ ᠮᠥᠩᠭᠦ · ᠢ ᠴᠡᠩᠭᠡᠯ ᠤᠨ ᠬᠦᠷᠢᠶᠡᠯᠡᠩ ᠢ ᠠᠩᠬ᠎ᠠ ᠡᠭᠦᠳᠦᠭᠰᠡᠨ ᠲᠥᠷᠥᠯ ᠵᠦᠢᠯ᠎ ᠤᠨ

ᠬᠡᠷᠡᠭᠵᠢᠭᠦᠯᠦᠯᠲᠡ ᠨᠢ ᠮᠠᠨ ᠤ ᠰᠢᠶᠠᠨ ᠤ ᠰᠤᠷᠭᠠᠭᠤᠯᠢ ᠡᠷᠭᠢᠯᠡᠬᠦ ᠦᠵᠡᠯ ᠰᠠᠨᠠᠭ᠎ᠠ᠂ ᠬᠠᠮᠢᠶᠠᠷᠤᠯᠲᠠ ᠶᠢᠨ ᠣᠶᠢᠯᠠᠭᠠᠭᠳᠠᠬᠤᠨ᠂

ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂

ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠦᠢᠯᠡᠰ᠎ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ

ᠬᠦᠴᠦᠲᠡᠶ ᠠᠬᠢᠭᠤᠯᠬᠤ ᠨᠢ ᠯᠠᠪᠲᠠᠶ ᠶᠤᠮ︔ ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠰᠢ ᠶᠢᠨ ᠫᠢᠩ

ᠶᠡᠷᠦᠩᠬᠡᠢ ᠱᠦᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢ

ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠣᠰᠯᠠᠯ ᠪᠠᠶᠢᠭᠤᠯᠬᠤ ᠬᠠᠷᠢᠯᠴᠠᠭ᠎ᠠ ᠪᠠᠨ ᠴᠢᠨᠠᠭᠰᠢᠳᠠ

ᠭᠦᠨᠵᠡᠭᠡᠶᠢᠷᠡᠭᠦᠯᠵᠦ᠂ ᠬᠠᠮᠵᠢᠯᠴᠠᠬᠤ ᠬᠦᠷᠢᠶ᠎ᠡ᠎ ᠪᠠᠨ ᠥᠷᠭᠡᠳᠬᠡᠵᠦ᠂ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ

ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃

   ᠰᠦ ᠴᠤᠤ ᠬᠤᠢ᠂ ᠦᠨᠡᠲᠦ ᠲᠡᠮᠳᠡᠭᠲᠦ ᠶᠢ ᠠᠩᠬ᠎ᠠ ᠡᠭᠦᠳᠬᠦ ᠨᠢ ᠳᠠᠭᠤᠤ ᠬᠥᠭᠵᠢᠮ ᠤᠨ ᠬᠢᠴᠢᠶᠡᠯ ᠤᠨ ᠭᠡᠷ᠂ ᠬᠦᠯ

ᠪᠥᠮᠪᠦᠭᠡ ᠶᠢᠨ ᠲᠠᠯᠠᠪᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠴᠢᠶᠡᠯ ᠤᠨ ᠭᠡᠷ᠂ ︽ᠬᠦᠰᠡᠯ

ᠵᠡᠭᠦᠳᠦ ᠶᠢ ᠠᠩᠬ᠎ᠠ ᠡᠭᠦᠳᠬᠦ︾ ᠰᠦᠯᠵᠢᠶ᠎ᠡ᠎ ᠪᠠᠷ ᠰᠤᠷᠭᠠᠨ ᠬᠥᠮᠦᠵᠢᠯ ᠢ ᠳᠡᠮᠵᠢᠬᠦ ᠬᠢᠴᠢᠶᠡᠯ ᠤᠨ ᠲᠠᠩᠬᠢᠮ ᠵᠡᠷᠭᠡ

ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠦᠷᠭᠦᠯᠵᠢᠯᠡᠨ ᠳᠡᠮᠵᠢᠵᠦ᠂ ᠢᠮᠠᠭᠲᠠ ︽ᠮᠥᠩᠭᠦᠨ ᠭᠦᠢᠯᠭᠡᠭᠡᠨ ᠤ

ᠲᠠᠯ᠎ᠠ ᠪᠠᠷ ᠬᠠᠮᠤᠭ ᠤᠨ ᠰᠠᠶᠢᠨ ᠢ ᠡᠭᠦᠳᠴᠦ ᠰᠠᠶᠢᠨ ᠰᠠᠶᠢᠬᠠᠨ ᠢ ᠡᠳ᠋ᠯᠡᠬᠦ︾᠎ ᠪᠠᠷ ᠡᠭᠦᠷᠭᠡ ᠪᠠᠨ ᠪᠣᠯᠭᠠᠵᠤ᠂ ᠤᠷᠳᠤ

ᠬᠤᠭᠤᠴᠠᠭ᠎ᠠ ᠪᠠᠷ ᠰᠢᠶᠠᠨ ᠤ ᠵᠠᠰᠠᠭ ᠤᠨ ᠣᠷᠳᠣᠨ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ

ᠪᠣᠯᠤᠨ

ᠰᠤᠷᠭᠠᠭᠤᠯᠢ ᠶᠢᠨ ᠲᠠᠯ᠎ᠠ ᠶᠢᠨ ᠬᠢᠨ ᠲᠠᠢ ᠬᠠᠷᠢᠯᠴᠠᠭ᠎ᠠ ᠪᠠᠨ ᠪᠠᠲᠤᠯᠠᠵᠤ᠂ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠬᠠᠮᠲᠤᠷᠠᠯᠴᠠᠭ᠎ᠠ ᠥᠷᠨᠢᠭᠦᠯᠵᠦ᠂ ᠬᠠᠮᠲᠤᠪᠠᠷ ᠪᠢᠴᠢᠬᠠᠨ ᠨᠠᠶᠢᠵᠠ ᠨᠠᠷ ᠤᠨ ᠬᠦᠰᠡᠯ ᠵᠡᠭᠦᠳᠦ ᠶᠢ ᠬᠠᠮᠠᠭᠠᠯᠠᠬᠤ ᠪᠣᠯᠤᠨ᠎ᠠ ᠭᠡᠵᠦ ᠬᠡᠯᠡᠪᠡ

   ᠣᠶᠢᠯᠠᠭᠠᠭᠰᠠᠨ ᠢᠶᠠᠷ᠂ 2022 — 2023 ᠣᠨ ᠳᠤ᠂ ᠰᠸᠤ ᠴᠤᠸ᠋ᠩ ᠦᠨᠡᠲᠦ ᠲᠡᠮᠳᠡᠭᠲᠦ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠮᠵᠢᠯᠭᠡ ᠳᠣᠣᠷ᠎ᠠ ᠢ ᠰᠠᠭᠤᠷᠢ ᠮᠥᠩᠭᠦᠨ ᠤ ᠢ ᠴᠡᠩᠭᠡᠯ ᠤᠨ ᠬᠦᠷᠢᠶᠡᠯᠡᠩ ᠤᠨ

ᠳᠠᠭᠤᠤ ᠬᠥᠭᠵᠢᠮ ᠤᠨ ᠬᠢᠴᠢᠶᠡᠯ ᠤᠨ ᠬᠡᠷ ᠪᠣᠯᠤᠨ ᠲᠠᠮᠢᠷ ᠤᠨ ᠴᠤᠭᠯᠠᠭᠠᠨ ᠤ ᠲᠦᠷᠦᠯ ᠵᠦᠢᠯ ᠢ ᠤᠯᠠᠭᠠᠨᠴᠠᠪ ᠬᠤᠳᠠ ᠶᠢᠨ ᠨᠡᠶᠢᠲᠡ ᠶᠢᠨ ᠠᠰᠠᠷᠠᠮᠵᠢ ᠶᠢ ᠠᠬᠢᠭᠤᠯᠬᠤ ᠨᠡᠶᠢᠭᠡᠮᠯᠢᠭ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠤᠯᠠᠭᠠᠨᠴᠠᠪ ᠬᠤᠳᠠ ᠶᠢᠨ ᠭᠤᠷᠪᠠᠨ ᠰᠢᠶᠠᠨ ︵ᠬᠤᠰᠢᠭᠤ︶᠎ ᠤ ᠬᠡᠪᠴᠢᠶᠡᠨ ᠳᠤ ᠬᠠᠷᠢᠭᠤᠴᠠᠨ ᠨᠠᠶᠢᠳᠠᠪᠤᠷᠢᠵᠢᠭᠤᠯᠵᠤ᠂ 3 ᠰᠤᠷᠭᠠᠭᠤᠯᠢ ᠳᠤ ᠠᠰᠢᠭ ᠬᠦᠷᠲᠡᠭᠡᠵᠦ᠂ 3 ᠳᠠᠭᠤᠤ ᠬᠥᠭᠵᠢᠮ ᠤᠨ ᠬᠢᠴᠢᠶᠡᠯ ᠤᠨ ᠬᠡᠷ᠂ 3 ᠰᠢᠨᠵᠢᠯᠡᠬᠦ ᠤᠬᠠᠭᠠᠨ

ᠮᠡᠷᠭᠡᠵᠢᠯ ᠤᠨ ᠰᠢᠨ᠎ᠡ ᠶᠢ ᠡᠭᠦᠳᠬᠦ ᠬᠢᠴᠢᠶᠡᠯ ᠤᠨ ᠬᠡᠷ ᠢ ᠪᠠᠶᠢᠭᠤᠯᠵᠤ᠂ 3 ᠬᠡᠦᠬᠡᠳ ᠤᠨ ᠬᠦᠯ ᠪᠥᠮᠪᠦᠭᠡ ᠶᠢᠨ ᠠᠩᠬᠢ ᠶᠢ ᠵᠣᠬᠢᠶᠠᠨ ᠪᠠᠶᠢᠭᠤᠯᠵᠤ᠂ 3846 ᠬᠡᠦᠬᠡᠳ ᠲᠤ ᠠᠰᠢᠭ ᠬᠦᠷᠲᠡᠭᠡᠵᠡᠢ᠃

   

                             ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ

                             ᠤᠷᠴᠢᠭᠤᠯᠤᠭᠴᠢ᠄ ᠮᠥᠩᠭᠦᠨᠰᠤᠶᠢᠬᠡ

                             ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ

 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3