ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/9/13
ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ᠄      ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠭᠠᠷ ᠤᠨ ᠰᠡᠷᠭᠡᠶᠢᠯᠡᠯᠲᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠢᠴᠢᠭᠦᠷᠢ ᠶᠢ ᠥᠯᠥ ᠮᠠᠷᠲᠠᠵᠤ᠂ ᠲᠡᠤᠬᠡ ᠪᠠᠨ ᠪᠠᠲᠤ ᠴᠡᠭᠡᠵᠢᠯᠡᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠡᠩᠬᠡ ᠲᠠᠶᠢᠪᠤᠩ ᠢ ᠡᠷᠬᠢᠮᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠯᠭᠡᠬᠦ ᠬᠦᠴᠦᠨ ᠤ ᠠᠯᠪᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 2023 ᠣᠨ ᠤ 9 ᠳ᠋ᠦᠭᠡᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨᠡᠬᠢ 9᠄ 30 ᠲᠤ᠂ ᠰᠢᠶᠠᠨ ᠤ ᠬᠤᠲᠠ ᠶᠢᠨ ᠲᠣᠭᠤᠷᠢᠭ ᠲᠤ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠶᠢ ᠨᠢᠭᠡᠳᠦᠯᠲᠡᠶ ᠵᠣᠬᠢᠶᠠᠨ ᠪᠠᠶᠢᠭᠤᠯᠬᠤ ᠪᠠᠷ ᠲᠣᠭᠲᠠᠪᠠ᠃      ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠳᠣᠩᠭᠤᠳᠬᠤ      1. ᠤᠷᠢᠳᠴᠢᠯᠠᠭᠰᠠᠨ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠭᠠᠵᠤ 24 ᠰᠧᠺᠦ᠋ᠨ᠋ᠳ᠋ ᠵᠣᠭᠰᠣᠨ᠎ᠠ᠂ 3 ᠤᠳᠠᠭ᠎ᠠ ᠳᠠᠪᠲᠠᠪᠠᠯ 1 ᠦᠶᠡᠯᠡᠯ ︵180 ᠰᠧᠺᠦ᠋ᠨ᠋ᠳ᠋︶︔      2. ᠠᠭᠠᠷ ᠤᠨ ᠲᠡᠭᠠᠷᠢᠯᠳᠠ ᠶᠢᠨ ᠰᠡᠷᠡᠮᠵᠢ ᠶᠢᠨ ᠲᠤᠬᠢᠶ᠎ᠠ᠄ 6 ᠰᠧᠺᠦ᠋ᠨ᠋ᠳ᠋ ᠳᠤᠤᠭᠠᠷᠭᠠᠵᠤ 6 ᠰᠧᠺᠦ᠋ᠨ᠋ᠳ᠋ ᠵᠣᠭᠰᠣᠨ᠎ᠠ᠂ 15 ᠤᠳᠠᠭ᠎ᠠ ᠳᠠᠪᠲᠠᠪᠠᠯ 1 ᠦᠶᠡᠯᠡᠯ ︵180 ᠰᠧᠺᠦ᠋ᠨ᠋ᠳ᠋︶︔      3. ᠰᠡᠷᠡᠮᠵᠢ ᠶᠢᠨ ᠳᠣᠬᠢᠶ᠎ᠠ ᠶᠢ ᠲᠠᠶᠢᠯᠬᠤ᠄ ᠵᠠᠯᠭᠠᠭ᠎ᠠ ᠪᠠᠷ 180 ᠰᠧᠺᠦ᠋ᠨ᠋ᠳ᠋ ᠳᠤᠤᠭᠠᠷᠭᠠᠨ᠎ᠠ᠃ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠨᠢᠭᠡᠪᠦᠷᠢ ᠶᠢᠨ ᠠᠯᠤᠰᠯᠠᠬᠤ ᠴᠠᠭ ᠨᠢ 3 ᠮᠢᠨᠦ᠋ᠲ ᠪᠣᠯᠤᠨ᠎ᠠ᠃      ᠠᠶᠤᠵᠤ ᠰᠠᠨᠳᠤᠷᠬᠤ ᠬᠡᠷᠡᠭ ᠦᠭᠡᠢ᠂ ᠬᠡᠪ ᠤᠨ ᠠᠵᠢᠯ᠂ ᠰᠤᠷᠤᠯᠭ᠎ᠠ᠂ ᠠᠮᠢᠳᠤᠷᠠᠯ ᠤᠨ ᠡᠮᠬᠢ ᠵᠢᠷᠤᠮ ᠲᠠᠢ ᠪᠠᠶᠢᠬᠤ ᠶᠢ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠂ ᠡᠯ᠎ᠡ ᠰᠤᠷᠭᠠᠭᠤᠯᠢ ᠪᠠ ᠥᠷᠭᠡᠨ ᠤᠯᠠᠨ ᠰᠠᠭᠤᠭᠠᠯᠢ ᠠᠷᠠᠳ ᠲᠤ ᠬᠦᠰᠡᠨ᠎ᠡ᠃                                         ᠣᠨᠴᠠᠭᠠᠶᠢᠯᠠᠨ ᠵᠠᠷᠯᠠᠪᠠ                     ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                     2023 ᠣᠨ ᠤ 9 ᠰᠠᠷ᠎ᠠ ᠶᠢᠨ 12 ᠤ ᠡᠳᠦᠷ                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3