9 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠶᠠᠨ ᠤ | ᠨᠠᠮ ᠤᠨ ᠬᠤᠷᠢᠶ᠎ᠡ ᠶᠢᠨ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 | ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | | | ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠳᠦᠷᠢᠮ ᠨᠠᠷᠢᠨ ᠳᠦᠷᠢᠮ ᠢ ᠬᠢᠨᠠᠨ ᠵᠥᠪᠯᠡᠭᠰᠡᠨ | ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠯᠲᠠ ᠶᠢᠨ ᠨᠡᠪᠳᠡᠷᠡᠯᠳᠡ ᠵᠣᠬᠢᠴᠠᠭᠤᠯᠭ᠎ᠠ ᠶᠢ | ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠪᠦᠷᠢᠯᠳᠦᠬᠦᠨ | ᠨᠢᠭᠡᠴᠢ ᠨᠦᠭᠦᠳ ︽ᠨᠢᠭᠡ ᠬᠥᠯᠭᠡ ᠰᠢᠳᠡᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠠᠮ ᠤᠨ | ᠳᠣᠲᠣᠭᠠᠳᠤ ᠶᠢᠨ ᠬᠢᠨᠠᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠢᠨᠠᠯᠲᠠ ᠲᠠᠢ | ᠣᠷᠭᠠᠨᠢᠭ ᠢᠶᠠᠷ ᠨᠡᠪᠲᠡᠷᠡᠯᠴᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠤᠳᠤᠷᠢᠳᠬᠤ | ᠳᠤᠭᠤᠶᠢᠯᠠᠩ ᠤᠨ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠢᠨᠠᠯᠲᠠ ᠲᠠᠯᠪᠢᠬᠤ | ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢᠨ ᠪᠠᠬᠢᠯᠡᠯᠲᠡ ᠶᠢ | ᠡᠪᠳᠡᠵᠦ᠂ ᠬᠢᠨᠠᠯᠲᠠ ᠲᠠᠯᠪᠢᠬᠤ ᠲᠣᠣᠷ ᠢ ᠨᠢᠭᠲᠠ ᠰᠦᠯᠵᠢᠵᠦ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ | ᠬᠤᠭᠤᠷᠣᠨᠳᠣ ᠪᠠᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠲᠠᠪᠴᠠᠩ ᠢ ᠬᠠᠮᠲᠤᠪᠠᠷ ᠪᠠᠶᠢᠭᠤᠯᠬᠤ᠂ ᠵᠡᠷᠭᠡᠪᠡᠷ | ᠬᠥᠭᠵᠢᠬᠦ᠂ ᠬᠠᠮᠲᠤᠪᠠᠷ ᠬᠦᠴᠦᠯᠡᠬᠦ ᠶᠢ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ | ᠲᠦᠷᠦᠯ ᠤᠨ ᠬᠢᠨᠠᠯᠲᠠ ᠶᠢ ᠵᠠᠪᠰᠠᠷ ᠦᠭᠡᠢ ᠵᠣᠯᠭᠠᠭᠤᠯᠬᠤ᠂ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠡᠯ᠎ᠡ | ᠲᠦᠷᠦᠯ ᠤᠨ ᠬᠢᠨᠠᠯᠲᠠ ᠶᠢ ᠬᠠᠮᠵᠢᠯᠴᠠᠭᠤᠯᠤᠨ ᠥᠨᠳᠥᠷ ᠪᠦᠲᠦᠮᠵᠢᠲᠡᠢ ᠠᠵᠢᠯᠯᠠᠭᠤᠯᠬᠤ ᠶᠢ ᠠᠬᠢᠭᠤᠯᠵᠤ᠂ | ᠬᠢᠨᠠᠯᠲᠠ ᠶᠢᠨ ᠶᠠᠰᠤ ᠴᠢᠨᠠᠷ ᠪᠣᠯᠤᠨ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠶᠢᠨ | ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠵᠦ᠂ ᠬᠢᠨᠠᠯᠲᠠ ᠲᠠᠯᠪᠢᠬᠤ ᠳᠤ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ | ᠬᠡᠷᠡᠭᠲᠡᠶ᠃ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠭᠦᠨᠵᠡᠭᠡᠶᠢᠷᠡᠭᠦᠯᠬᠦ ᠶᠢ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ | ᠵᠡᠷᠭᠡ ᠭᠤᠤᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠢᠨᠠᠯᠲᠠ ᠲᠠᠯᠪᠢᠬᠤ ᠦᠢᠯᠡᠳᠦᠯ | ᠴᠢᠳᠠᠪᠤᠷᠢ ᠶᠢ ᠦᠨᠡᠨᠬᠦ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ᠂ ᠯᠢ ᠼᠠᠢ ᠴᠢᠩ᠂ ᠸᠠᠩ | ᠸᠧᠢ ᠪᠢᠩ᠂ ᠶᠤᠸᠠᠢ ᠯᠢᠶᠠᠩ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |