ᠯᠢ ᠺᠠᠢ ᠳ᠋ᠦᠩ ᠳᠤᠭᠤᠶᠢᠯᠠᠩ ᠳᠠᠭᠠᠭᠤᠯᠤᠨ ᠬᠠᠷᠠᠮᠥ᠋ᠷᠡᠨ᠂ ᠬᠢᠷᠢᠨ᠂ ᠵᠧᠵᠢᠶᠠᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 2᠎ ᠤᠨ ᠡᠳᠦᠷ ᠠᠴᠠ 9᠎ ᠤ ᠡᠳᠦᠷ ᠪᠣᠯᠲᠠᠯ᠎ᠠ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ ᠳᠤᠭᠤᠶᠢᠯᠠᠩ ᠳᠠᠭᠠᠭᠤᠯᠤᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ᠂ ᠭᠢᠷᠢᠨ ᠮᠤᠵᠢ ᠶᠢᠨ ᠲᠦᠩᠬᠤᠸᠠ ᠬᠤᠲᠠ᠂ ᠵᠧᠵᠢᠶᠠᠩ ᠮᠤᠵᠢ ᠶᠢᠨ ᠸᠧᠨᠵᠸᠤ ᠬᠤᠲᠠ ᠵᠡᠷᠭᠡ ᠭᠠᠵᠠᠷ ᠲᠤ ᠬᠦᠷᠴᠦ ᠲᠥᠮᠥᠰᠥᠨ ᠤ ᠪᠥᠬᠦ ᠬᠡᠯᠬᠢᠶ᠎ᠡ ᠶᠢᠨ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠤᠯᠲᠠ᠂ ᠬᠥᠳᠡᠭᠡ ᠲᠣᠰᠬᠤᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠣᠷᠬᠤᠳᠠᠶ ᠶᠢᠨ ᠣᠶ ᠶᠢᠨ ᠬᠤᠷᠮᠣᠶ ᠶᠢᠨ ᠲᠠᠷᠢᠮᠠᠯ᠂ ᠴᠠᠬᠢᠯᠭᠠᠨ ᠢᠶᠠᠷ ᠵᠠᠳᠠᠯᠬᠤ ᠤᠰᠤ ᠪᠠᠷ ᠤᠰᠤᠲᠥ᠋ᠷᠥᠭᠴᠢ  ᠦᠢᠯᠡᠳᠬᠦ ᠲᠥᠬᠦᠭᠡᠷᠦᠮᠵᠢ ᠦᠢᠯᠡᠳᠬᠦ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠪᠣᠯᠪᠠᠰᠤᠷᠠᠭᠤᠯᠤᠨ ᠦᠢᠯᠡᠳᠬᠦ ᠵᠡᠷᠭᠡ  ᠵᠦᠢᠯᠡᠰ ᠤᠨ ᠲᠤᠬᠠᠶ ᠰᠢᠨᠵᠢᠯᠡᠨ ᠪᠠᠶᠢᠴᠠᠭᠠᠵᠤ ᠵᠣᠯᠭᠠᠭᠤᠯᠪᠠ᠃
     ᠤᠮᠠᠷᠠᠲᠤ ᠶᠢᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠤᠯᠠᠭᠠᠨᠴᠠᠪ ᠬᠤᠳᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠢ ᠲᠠᠭᠠᠵᠦ ᠤᠮᠠᠷᠠᠲᠤ ᠶᠢᠨ ᠠᠳᠠᠷ ᠬᠠᠭᠠᠯᠪᠤᠷᠢᠯᠠᠯᠲᠠ ᠶᠢᠨ ᠮᠦᠽᠧᠢ᠂ ᠤᠮᠠᠷᠠᠲᠤ ᠶᠢᠨ ᠠᠳᠠᠷ ᠬᠠᠭᠠᠯᠪᠤᠷᠢᠯᠠᠯᠲᠠ ᠶᠢᠨ ᠰᠦᠢᠬᠤᠸᠠ ᠣᠷᠣᠨ ᠤ ᠬᠥᠳᠡᠭᠡ ᠲᠣᠰᠬᠤᠨ ᠤ ᠦᠢᠯᠡᠴᠢᠯᠡᠭᠡᠨ ᠤ ᠲᠥᠪ ᠢ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠤᠮᠠᠷᠠᠲᠤ ᠶᠢᠨ ᠳ᠋ᠠ ᠬᠤᠸᠠᠩ ᠲᠥᠮᠥᠰᠥ ᠶᠢᠨ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠢᠩ ᠡᡁᠧ ᠰᠢᠶᠠᠨ ᠳᠤ 3 ᠲᠦᠮᠡᠨ ᠲᠣᠨ ᠲᠥᠮᠥᠰᠥ ᠶᠢᠨ ᠴᠠᠷᠳᠠᠭᠤᠯ ᠡᠳ᠋ᠰᠢᠭᠦᠯᠬᠦ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠰᠢᠰᠲᠧᠮ ᠢ ᠣᠷᠣᠭᠤᠯᠬᠤ ᠵᠡᠷᠭᠡ ᠶᠠᠪᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃
     ᠲᠦᠩᠬᠤᠸᠠ ᠰᠢᠶᠠᠨ ᠤ ᠶᠢᠩᠡᠷᠳᠡᠨᠢ ᠪᠠᠯᠭᠠᠰᠤ᠂ ᠰᠠᠨ ᠺᠧ ᠢᠦᠢ ᠱᠦ᠋ ᠪᠠᠯᠭᠠᠰᠤᠨ ᠳᠤ ᠤᠷᠢᠳ ᠬᠤᠵᠢᠳ ᠤᠢ ᠶᠢᠨ ᠬᠤᠷᠮᠣᠢ ᠶᠢᠨ ᠣᠷᠬᠤᠳᠠᠢ ᠶᠢᠨ ᠲᠠᠷᠢᠮᠠᠯ ᠤᠨ ᠰᠠᠭᠤᠷᠢᠨ ᠂ ᠬᠤᠨᠢᠨ ᠤ ᠶᠢᠰ ᠤᠨ ᠲᠠᠷᠢᠮᠠᠯ ᠤᠨ ᠰᠠᠭᠤᠷᠢᠨ ᠂ ᠳ᠋ᠦᠩ ᠹᠠᠩ ᠬᠤᠩ ᠤᠨ ᠧᠦ᠋ᠷᠣᠫᠠ ᠣᠷᠬᠤᠳᠠᠢ ᠶᠢᠨ ᠡᠮ ᠤᠨ ᠦᠢᠯᠡᠰ ︵ᠲᠦᠩᠬᠤᠸᠠ︶᠎ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠦᠩᠬᠤᠸᠠ ᠣᠷᠬᠤᠳᠠᠢ ᠶᠢᠨ ᠠᠵᠤ ᠦᠢᠯᠡᠰ ᠤᠨ ᠬᠦᠷᠢᠶᠡᠯᠡᠩ ᠢ ᠲᠣᠭᠤᠷᠢᠨ ᠦᠵᠡᠵᠦ᠂ ᠣᠷᠬᠤᠳᠠᠢ ᠶᠢᠨ ᠲᠠᠷᠢᠮᠠᠯ ᠤᠨ ᠨᠥᠬᠦᠴᠡᠯ᠂ ᠲᠠᠷᠢᠮᠠᠯ ᠤᠨ ᠮᠡᠷᠭᠡᠵᠢᠯ᠂ ᠠᠵᠤ ᠦᠢᠯᠡᠰ ᠤᠨ ᠬᠥᠭᠵᠢᠯᠲᠡ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠪᠣᠯᠤᠨ ᠲᠦᠩ ᠬᠤᠸᠠ ᠰᠢᠶᠠᠨ ᠤ ᠣᠷᠣᠰᠢᠵᠤ ᠪᠠᠶᠢᠭ᠎ᠠ ᠥᠷᠭᠡᠷᠢᠭ᠂ ᠠᠭᠠᠷ ᠤᠨ ᠳᠤᠯᠠᠭᠠᠨ᠂ ᠳᠠᠯᠠᠶ ᠶᠢᠨ ᠲᠦᠪᠰᠢᠨ ᠠᠴᠠ ᠳᠡᠭᠡᠭᠰᠢ ᠵᠡᠷᠭᠡ ᠣᠷᠴᠢᠨ ᠲᠣᠭᠤᠷᠢᠨ ᠤ ᠨᠥᠬᠦᠴᠡᠯ ᠨᠢ ᠣᠶᠢᠷᠠᠯᠴᠠᠭ᠎ᠠ᠂ ᠲᠡᠷᠡᠴᠢᠯᠡᠨ 20.5 ᠲᠦᠮᠡᠨ ᠮᠦ ᠶᠢᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠤᠮᠤ ᠲᠠᠷᠢᠮᠠᠯ ᠤᠢ ᠰᠢᠭᠤᠢ ᠶᠢᠨ ᠲᠠᠯᠠᠪᠠᠢ ᠶᠢᠨ ᠰᠤᠮᠤ ᠶᠢᠨ ᠠᠭᠤᠯᠠ ᠨᠢ ᠤᠢ ᠶᠢᠨ ᠬᠤᠷᠮᠣᠢ ᠶᠢᠨ ᠣᠷᠬᠤᠳᠠᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠵᠣᠬᠢᠬᠤ ᠨᠥᠬᠦᠴᠡᠯ ᠪᠠ ᠳᠠᠪᠠᠭᠤᠯᠢᠭ ᠲᠠᠢ ᠶᠤᠮ᠂ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠨᠢᠭᠲᠠ ᠬᠠᠷᠢᠯᠴᠠᠵᠤ᠂ ᠨᠢᠭᠲᠠ ᠬᠠᠮᠲᠤᠷᠠᠯᠴᠠᠵᠤ᠂ ᠰᠢᠩ ᠡᡁᠧ ᠰᠢᠶᠠᠨ ᠤ ᠤᠢ ᠶᠢᠨ ᠬᠤᠷᠮᠣᠢ ᠶᠢᠨ ᠠᠵᠤ ᠠᠬᠤᠢ ᠶᠢᠨ ᠠᠵᠤ ᠦᠢᠯᠡᠰ ᠢ ᠪᠦᠬᠦ ᠲᠠᠯ᠎ᠠ ᠪᠠᠷ ᠠᠭᠤᠳᠠᠯᠵᠤ᠂ ᠰᠢᠩ ᠡᡁᠧ ᠰᠢᠶᠠᠨ ᠤ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠢ ᠥᠷᠭᠡᠳᠬᠡᠬᠦ ᠶᠢ ᠬᠦᠰᠡᠵᠦ ᠪᠠᠶᠢᠨ᠎ᠠ᠃         ᠸᠧᠨᠵᠸᠤ ᠬᠤᠲᠠ ᠳᠤ ᠤᠷᠢᠳ ᠬᠤᠵᠢᠳ ᠸᠧᠨᠵᠸᠤ ᠶᠢᠨ ᠳᠡᠭᠡᠳᠦ ᠠᠵᠤ ᠠᠬᠤᠶᠢᠯᠠᠯ ᠤᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠦᠩ ᠯᠢᠶᠠᠩ ᠴᠠᠬᠢᠯᠭᠠᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠠᠨ ᠳ᠋ᠧ ᠯᠢ ᠪᠦᠯᠦᠭᠯᠡᠯ᠂ ᠲᠢᠶᠠᠨ ᠵᠧᠩ ᠴᠠᠬᠢᠯᠭᠠᠨ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ᠂ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠶᠢ ᠦᠢᠯᠡᠳᠪᠦᠷᠢᠯᠡᠵᠦ ᠪᠣᠯᠪᠠᠰᠤᠷᠠᠭᠤᠯᠬᠤ᠂ ᠬᠦᠴᠦᠳᠡᠯ ᠥᠭᠡᠷᠡᠴᠢᠯᠡᠭᠴᠢ  ᠦᠢᠯᠡᠳᠬᠦ᠂ ᠴᠠᠬᠢᠯᠭᠠᠨ ᠬᠡᠷᠡᠭᠰᠡᠯ ᠦᠢᠯᠡᠳᠬᠦ ᠵᠡᠷᠭᠡ ᠠᠵᠤ ᠦᠢᠯᠡᠰ ᠢ ᠰᠢᠨᠵᠢᠯᠡᠨ ᠪᠠᠶᠢᠴᠠᠭᠠᠪᠠ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠥᠪᠥᠷ ᠮᠣᠩᠭᠤᠯ᠂ ᠱᠠᠨ ᠰᠢ᠂ ᠾᠤᠪᠸᠢ ᠭᠤᠷᠪᠠᠨ ᠮᠤᠵᠢ ᠶᠢᠨ ᠠᠭᠤᠯᠵᠠᠷ ᠲᠤ ᠪᠠᠶᠢᠷᠢᠯᠠᠵᠤ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ ᠪᠥᠭᠡᠳ ᠭᠠᠵᠠᠷ ᠰᠢᠷᠣᠶ᠂ ᠴᠠᠬᠢᠯᠭᠠᠨ ᠤ ᠦᠨ᠎ᠡ᠂ ᠤᠰᠤᠨ ᠤ ᠡᠬᠢ ᠪᠠᠶᠠᠯᠢᠭ ᠵᠡᠷᠭᠡ ᠡᠯᠧᠮᠧᠨ᠋ᠲ ᠤᠨ ᠨᠥᠬᠦᠴᠡᠯ ᠤᠨ ᠳᠠᠪᠠᠭᠤᠯᠢᠭ ᠨᠢ ᠲᠣᠪᠤᠶᠢᠮ᠎ᠠ ᠪᠠᠶᠢᠵᠤ᠂ ᠴᠠᠬᠢᠯᠭᠠᠨ ᠢᠶᠠᠷ ᠵᠠᠳᠠᠯᠬᠤ ᠤᠰᠤ ᠪᠠᠷ ᠤᠰᠤᠲᠥ᠋ᠷᠥᠭᠴᠢ ᠦᠢᠯᠡᠳᠬᠦ ᠠᠵᠤ ᠦᠢᠯᠡᠰ ᠢ ᠬᠥᠭᠵᠢᠭᠦᠯᠵᠦ᠂ ᠬᠥᠳᠡᠯᠮᠦᠷᠢ ᠬᠤᠷᠠᠭᠰᠠᠨ ᠴᠢᠨᠠᠷᠲᠠᠶ ᠠᠵᠤ  ᠦᠢᠯᠡᠰ ᠤᠨ ᠥᠪᠡᠷ ᠤᠨ ᠥᠷᠲᠡᠭ ᠨᠢ ᠳᠣᠤᠷ᠎ᠠ᠂ ᠳᠠᠪᠠᠭᠤᠯᠢᠭ ᠨᠢ ᠢᠯᠡᠷᠬᠡᠶ ᠪᠠᠶᠢᠨ᠎ᠠ ᠭᠡᠵᠡᠶ᠃ ᠸᠧᠨᠵᠸᠤ ᠬᠤᠲᠠ ᠶᠢᠨ ᠰᠢᠨ᠎ᠡ ᠡᠨᠧᠷᠭᠢ ᠶᠢᠨ ᠲᠥᠬᠦᠭᠡᠷᠦᠮᠵᠢ ᠦᠢᠯᠡᠳᠬᠦ᠂ ᠬᠥᠳᠡᠯᠮᠦᠷᠢ ᠨᠢᠭᠲᠠᠷᠠᠭᠰᠠᠨ ᠴᠢᠨᠠᠷᠲᠠᠢ ᠠᠵᠤ ᠦᠢᠯᠡᠰ ᠤᠨ ᠬᠠᠮᠢᠶ᠎ᠠ ᠪᠦᠬᠦᠢ ᠠᠵᠤ ᠠᠬᠤᠶᠢᠯᠠᠯ ᠰᠢᠩ ᠡᡁᠧ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠵᠤ᠂ ᠴᠢᠨᠠᠭᠰᠢᠳᠠ ᠬᠥᠭᠵᠢᠯᠲᠡ ᠶᠢ ᠡᠷᠢᠯᠬᠢᠯᠡᠵᠦ᠂ ᠬᠠᠮᠲᠤᠷᠠᠯᠴᠠᠭ᠎ᠠ ᠶᠢ ᠶᠠᠷᠢᠯᠴᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠵᠤ᠂ ᠰᠢᠩ ᠡᡁᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3