ᠯᠢ ᠺᠠᠶ ᠳ᠋ᠦᠩ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠦᠭᠡᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 14᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠦᠭᠡᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢᠩ ᠡᡁᠧ ᠰᠢᠶᠠᠨ ᠤ ᠤᠯᠠᠭᠠᠨᠴᠠᠪ ᠬᠤᠳᠠ ᠶᠢᠨ ︽ᠮᠢᠩᠭᠠᠨ ᠵᠦᠢᠯ ᠤᠨ ᠠᠮᠠᠯᠠᠯᠲᠠ︾᠎ ᠶᠢ ᠨᠠᠶᠢᠳᠠᠪᠤᠷᠢᠵᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠠᠬᠢᠴᠠ ᠶᠢᠨ ᠪᠠᠶᠢᠳᠠᠯ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠢ ᠬᠡᠷᠡᠭᠵᠢᠭᠦᠯᠦᠭᠰᠡᠨ ᠠᠬᠢᠴᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ︽ᠮᠢᠩᠭᠠᠨ ᠵᠦᠢᠯ ᠤᠨ ᠠᠮᠠᠯᠠᠯᠲᠠ︾᠎ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠬᠦᠴᠦᠨ ᠢ ᠶᠡᠬᠡᠪᠡᠷ ᠬᠥᠭᠵᠢᠭᠡᠵᠦ᠂ ᠪᠦᠬᠦ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠠᠵᠢᠯ ᠤᠨ ᠬᠤᠷᠳᠤᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠵᠢᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠶᠢᠨ ᠬᠡᠮᠵᠢᠭᠳᠡᠯ ᠢ ᠦᠷᠭᠦᠯᠵᠢᠯᠡᠨ ᠳᠡᠭᠡᠭᠰᠢᠯᠡᠭᠦᠯᠬᠦ᠂ ᠭᠠᠵᠠᠷ ᠰᠢᠷᠣᠶ ᠤᠯᠬᠤ ᠪᠠ ᠬᠡᠷᠡᠭᠯᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠡᠷᠡᠭᠯᠡᠯᠲᠡ ᠶᠢ ᠴᠢᠩᠭᠠᠷᠠᠭᠤᠯᠬᠤ᠂ ᠤᠶᠤᠨᠲᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠬᠤᠲᠠ ᠶᠢᠨ ᠶᠠᠪᠤᠳᠠᠯ ᠤᠨ ᠰᠣᠨᠢᠨ ᠤ ᠤᠭᠰᠠᠷᠠᠯᠲᠠ ᠶᠢ ᠵᠠᠯᠭᠠᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠠᠬᠢᠭᠤᠯᠬᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠣᠯ ᠠᠷᠠᠳ ᠣᠯᠠᠨ ᠤ ᠡᠳᠦᠷ ᠲᠤᠲᠤᠮ ᠤᠨ ᠶᠠᠪᠤᠵᠤ ᠰᠠᠭᠤᠬᠤ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠳᠠᠭᠠᠵᠤ᠂ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠶᠢ ᠲᠣᠩᠭᠤᠷᠤᠭᠤᠯᠤᠨ ᠲᠣᠬᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠯᠢ ᠺᠠᠶ ᠳ᠋ᠦᠩ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠶᠢ ᠵᠥᠷᠢᠴᠡᠭᠰᠡᠨ ᠠᠰᠠᠭᠤᠳᠠᠯ ᠤᠨ ᠲᠤᠬᠠᠶ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠤᠯᠢ ᠶᠢ ᠵᠥᠷᠢᠴᠡᠭᠰᠡᠨ ᠦᠯᠡᠳᠡᠭᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠠᠰᠤᠷᠠᠯᠲᠠ ᠥᠬᠡᠶ ᠲᠦᠷᠭᠡᠳᠬᠡᠵᠦ᠂ ᠬᠠᠤᠯᠢ ᠶᠢ ᠵᠥᠷᠢᠴᠡᠭᠰᠡᠨ ᠠᠰᠠᠭᠤᠳᠠᠯ ᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠶ᠃ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ᠂ ᠦᠳᠲᠡᠷ ᠲᠦᠷᠭᠡᠨ ᠬᠥᠳᠡᠯᠦᠯᠴᠡᠵᠦ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠬᠠᠮᠵᠢᠯᠴᠠᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠨᠡᠶᠢᠯᠡᠮᠡᠯ ᠬᠦᠴᠦᠨ ᠢ ᠪᠥᠬᠦ ᠲᠠᠯ᠎ᠠ ᠪᠠᠷ ᠪᠣᠶ ᠪᠣᠯᠭᠠᠵᠤ᠂ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠵᠧᠦ ᠷᠦᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3