9 ᠰᠠᠷ᠎ᠠ ᠶᠢᠨ 13 ᠤ ᠡᠳᠦᠷ᠂ ᠮᠠᠨ ᠤ ᠰᠢᠶᠠᠨ ᠰᠢᠨ᠎ᠡ ᠵᠠᠭᠤᠨ ᠤ ᠠᠭᠤᠳᠠᠮ ᠲᠠᠯᠠᠪᠠᠶ ᠳᠤ 2023 | ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ︽ᠪᠥᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠺᠣᠮᠢᠰᠰᠠᠷ ᠵᠢᠶᠤᠤ ᠴᠦᠨ ᠶᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ | ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠨᠢᠭᠡᠴᠡ ᠶᠢᠨ ᠬᠢᠨ ᠰᠦᠯᠵᠢᠶᠡᠨ ᠤ ᠠᠮᠤᠷ | ᠲᠦᠪᠰᠢᠨ ᠤ ᠤᠬᠠᠭᠤᠯᠭ᠎ᠠ ᠶᠢᠨ ᠵᠠᠷᠯᠠᠯ᠂ ︽ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ | ᠭᠠᠷ ᠳᠡᠪᠲᠡᠷ︾ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠵᠦᠪᠯᠡᠯᠭᠡ ᠥᠭᠬᠦ ᠲᠠᠪᠴᠠᠩ ᠭᠠᠷᠭᠠᠵᠤ ᠤᠯᠠᠨ | ᠲᠦᠮᠡᠨ ᠤ ᠵᠥᠪᠯᠡᠯᠭᠡ ᠥᠭᠬᠦ ᠶᠢ ᠬᠦᠯᠢᠶᠡᠵᠦ᠂ ᠤᠯᠠᠨ ᠬᠡᠯᠪᠡᠷᠢ᠂ ᠤᠯᠠᠨ ᠲᠠᠯ᠎ᠠ ᠠᠴᠠ ᠤᠯᠤᠰ ᠤᠨ ᠰᠦᠯᠵᠢᠶᠡᠨ ᠤ | ᠠᠮᠤᠷ ᠲᠦᠪᠰᠢᠨ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠡᠨᠡ ᠵᠢᠯ ᠤᠨ 9 ᠰᠠᠷ᠎ᠠ ᠪᠣᠯ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠰᠠᠷ᠎ᠠ ᠪᠣᠯᠤᠨ᠎ᠠ᠂ 9 ᠰᠠᠷ᠎ᠠ ᠶᠢᠨ 11 ᠠᠴᠠ 17 ᠤ ᠡᠳᠦᠷ ᠪᠣᠯᠲᠠᠯ᠎ᠠ 2023 ᠣᠨ ᠤ ᠤᠯᠤᠰ ᠤᠨ | ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭᠲᠣᠰ ᠤᠳᠠᠭᠠᠨ ᠤ ᠠᠵᠢᠯᠯᠠᠭ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠶ ᠬᠤᠪᠢ | ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠯᠲᠠ ᠶᠢ 200 ᠭᠠᠷᠤᠶ ᠬᠥᠮᠦᠨ ᠤᠳᠠᠭ᠎ᠠ | ᠭᠥᠯᠢᠶᠡᠨ ᠠᠪᠴᠠᠶ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠰᠢᠶᠠᠨ ᠤ | ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠲᠥᠪ ᠢᠶᠠᠷ ᠲᠦᠷᠦᠭᠦᠯᠡᠭᠦᠯᠵᠦ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠡ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠡ᠂ | ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠰᠢᠶᠠᠨ ᠤ ᠬᠤᠷᠢᠶ᠎ᠡ᠂ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ | ᠪᠠᠩᠬᠢ ᠵᠡᠷᠭᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠤᠷᠭᠠᠭᠤᠯᠢ ᠶᠢᠨ | ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ | ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ | ᠭᠤᠣᠯ ᠰᠡᠳᠦᠪᠲᠦ ᠠᠵᠢᠯᠯᠠᠭ᠎ᠠ ᠶᠢ ᠲᠤᠬᠢᠷᠠᠭᠤᠯᠤᠨ᠎ᠠ᠃ ᠪᠦᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠷ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠮᠰᠠᠷ ᠢ ᠳᠡᠭᠡᠭᠰᠢᠯᠡᠭᠦᠯᠬᠦ᠂ | ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠶᠢᠷᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠳᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠩ ᠾᠧ ᠰᠢᠶᠠᠨ ᠤ ᠤᠯᠠᠭᠠᠨᠮᠥ᠋ᠴᠢᠷ ᠤᠨ ᠬᠢᠨ | ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ | ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |