ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 14 ᠤ | ᠡᠳᠦᠷ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠲᠦᠷᠦᠭᠦᠯᠡᠨ ᠬᠡᠰᠡᠭ | ᠰᠢᠶᠠᠨ ᠤ ᠨᠠᠮ ᠤᠨ ᠲᠥᠯᠥᠭᠡᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ | ᠰᠢᠶᠠᠨ ᠤ ᠰᠠᠶᠢᠬᠤᠰᠤ ᠪᠠᠯᠭᠠᠰᠤᠨ ᠳᠤ ᠭᠦᠨᠵᠡᠭᠡᠶᠢᠷᠡᠭᠦᠯᠦᠨ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ | ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠪᠣᠯᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠲᠠᠯ᠎ᠠ ᠶᠢᠨ ᠠᠵᠢᠯ ᠤᠨ | ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ | ᠪᠠᠶᠢᠴᠠᠭᠠᠨ ᠰᠤᠳᠤᠯᠬᠤ ᠶᠠᠪᠤᠴᠠ ᠳᠤ᠂ ᠲᠥᠯᠥᠭᠡᠯᠡᠭᠴᠢᠳ ᠪᠣᠯᠤᠨ ᠭᠡᠰᠢᠭᠦᠳ ᠲᠠᠷᠢᠶᠠᠨ ᠭᠠᠵᠠᠷ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠣᠯᠤᠨ ᠲᠠᠷᠢᠶᠠᠴᠢᠨ ᠡᠷᠦᠬᠡ ᠳᠤ ᠬᠦᠷᠴᠦ᠂ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠪᠠ ᠶᠠᠷᠢᠯᠴᠠᠬᠤ ᠬᠤᠷᠠᠯ ᠬᠤᠷᠠᠯᠳᠤᠭᠤᠯᠬᠤ | ᠵᠡᠷᠭᠡ ᠠᠷᠭ᠎ᠠ ᠬᠡᠯᠪᠡᠷᠢ ᠪᠠᠷ ᠰᠠᠶᠢᠬᠤᠰᠤ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠠᠪᠤᠴᠠ ᠳᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠪᠣᠯᠤᠨ ᠣᠯᠤᠭᠰᠠᠨ ᠠᠮᠵᠢᠯᠲᠠ ᠶᠢ ᠨᠠᠷᠢᠨ ᠣᠶᠢᠯᠠᠭᠠᠪᠠ | ᠃ ᠡᠭᠦᠨ ᠤ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠭᠵᠢᠯᠲᠡ᠂ ᠵᠠᠰᠠᠯᠲᠠ ᠶᠢ ᠴᠢᠨᠠᠭᠰᠢᠳᠠ | ᠠᠬᠢᠭᠤᠯᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠬᠤᠶᠢᠰᠢᠳᠠ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠶᠢᠨ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠭᠡᠯᠡᠭᠴᠢ ᠪᠣᠯᠤᠨ ᠭᠡᠰᠢᠭᠦᠨ ᠤ ᠡᠭᠦᠷᠭᠡ ᠴᠢᠳᠠᠪᠬᠢ ᠶᠢ | ᠪᠠᠶᠢᠩᠭᠤᠵᠢᠭᠤᠯᠤᠨ ᠰᠠᠶᠢᠲᠤᠷ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠤᠯᠠᠨ ᠴᠢᠨᠠᠷ ᠰᠠᠶᠢᠲᠠᠢ ᠰᠠᠨᠠᠯ ᠵᠥᠪᠯᠡᠯᠭᠡ ᠪᠠ ᠰᠠᠨᠠᠭᠤᠯᠭ᠎ᠠ | ᠳᠤᠷᠠᠳᠴᠤ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠎ᠠ ᠭᠡᠵᠦ | ᠲᠥᠯᠥᠭᠡᠯᠡᠭᠴᠢᠳ ᠪᠣᠯᠤᠨ ᠭᠡᠰᠢᠭᠦᠳ ᠢᠯᠡᠳᠬᠡᠵᠡᠭᠡᠪᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |