ᠰᠢᠩ ᠾᠧ ᠰᠢᠶᠠᠨ ᠤ ᠵᠠᠩ ᠭᠤᠤ ᠪᠠᠯᠭᠠᠰᠤ᠄ ᠬᠦᠷᠢᠶᠡᠨ ᠤ ᠠᠵᠤ ᠠᠬᠤᠶ ᠳᠤ ︽ᠴᠢᠨᠡᠭᠡᠯᠢᠭᠵᠢᠯ ᠤᠨ ᠦᠷ᠎ᠡ ᠪᠦᠲᠦᠭᠡᠯ︾᠎ ᠢ ᠣᠯᠭᠤᠬᠤ ᠪᠠᠷ ᠪᠣᠶ
ᠨᠡᠶᠢᠲᠡᠯᠡᠭᠰᠡᠨ ᠴᠠᠭ᠄
2023/9/15
     ᠠᠯᠲᠠᠨ ᠨᠠᠮᠤᠷ ᠤᠨ ᠶᠢᠰᠦᠨ ᠰᠠᠷ᠎ᠠ ᠳᠤ᠂ ᠬᠠᠯᠠᠭᠤᠨ ᠨᠠᠷᠠ ᠲᠦᠢᠮᠡᠷ ᠤᠨ ᠨᠡᠷᠡᠨ ᠤ ᠭᠡᠷᠡᠯ ᠳᠤ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠡᡁᠧ ᠰᠢᠶᠠᠨ ᠤ ᠵᠠᠩ ᠭᠤᠤ ᠪᠠᠯᠭᠠᠰᠤᠨ ᠤ ᠴᠢ ᠳ᠋ᠤᠤ ᠭᠸᠤ ᠲᠣᠰᠬᠤᠨ ᠤ ᠠᠷᠠᠳ ᠵᠤᠤ ᠵᠤᠤ ᠺᠦᠢ ᠶᠢᠨ ᠬᠦᠷᠢᠶᠡᠨ ᠳᠤ ᠣᠷᠣᠬᠤ ᠳᠤ᠂ ᠤᠯᠠᠭᠠᠨ ᠭᠦᠢᠯᠡᠰᠦ ᠶᠢ ᠪᠦᠬᠦᠯᠢ ᠮᠣᠳᠣ ᠪᠠᠷ ᠨᠢ ᠳᠦᠭᠦᠷᠲᠡᠯ᠎ᠡ ᠡᠯᠭᠦᠬᠦ ᠳᠤ᠂ ᠨᠣᠭᠤᠭᠠᠨ ᠨᠠᠮᠠᠭ᠎ᠠ ᠨᠠᠮᠠᠭ᠎ᠠ ᠶᠢᠨ ᠳᠤᠮᠳᠠ ᠨᠢ ᠬᠡᠯᠬᠢᠶ᠎ᠡ ᠵᠢᠮᠢᠰ ᠢ ᠳᠦᠭᠦᠷᠲᠡᠯ᠎ᠡ ᠡᠯᠭᠦᠵᠦ᠂ ᠵᠠᠷᠢᠮ ᠨᠢ ᠤᠯᠠᠶᠢᠯᠭᠠᠨ᠂ ᠵᠠᠷᠢᠮ ᠨᠢ ᠰᠢᠷᠠᠯᠠᠵᠤ᠂ ᠵᠥᠭᠡᠯᠡᠨ ᠰᠠᠯᠬᠢᠨ ᠤ ᠳᠤᠮᠳᠠ ᠤᠯᠠᠭᠠᠨ ᠭᠦᠢᠯᠡᠰᠦ ᠶᠢᠨ ᠮᠣᠳᠣᠨ ᠠᠴᠠ ᠬᠥᠮᠦᠰ ᠤᠨ ᠪᠠᠭ᠋ᠠᠷᠤᠯ ᠢ ᠲᠠᠲᠠᠮ᠎ᠠ ᠵᠢᠮᠢᠰ ᠤᠨ ᠦᠨᠦᠷ ᠬᠠᠩᠬᠤᠯᠵᠤ ᠪᠠᠶᠢᠬᠤ ᠶᠢ ᠣᠯᠵᠤ ᠬᠠᠷᠠᠵᠠᠢ᠃ ᠥᠪᠡᠷ ᠤᠨ ᠵᠢᠵᠢᠭ ᠨᠣᠭᠤᠭ᠎ᠠ ᠶᠢᠨ ᠬᠠᠰᠢᠶᠠᠨ ᠤ ᠪᠠᠨ ᠲᠤᠬᠠᠶ ᠶᠠᠷᠢᠬᠤ ᠳᠠᠭᠠᠨ ᠵᠣᠣ ᠵᠣᠣ ᠺᠦᠶ᠄ ︽ᠨᠠᠳᠠ ᠳᠤ 8 ᠮᠥ ᠯᠢᠽᠢ ᠮᠣᠳᠣ ᠲᠠᠢ᠂ ᠶᠠᠭ ᠡᠨᠡ ᠬᠡᠳᠦᠨ ᠬᠠᠰᠢᠶᠠᠨ ᠳᠤ᠂ ᠡᠩ ᠤᠨ ᠴᠠᠭ ᠲᠠᠭᠠᠨ ᠪᠦᠷ ᠲᠠᠷᠢᠶᠠᠴᠢᠨ ᠠᠶᠢᠯ ᠤᠨ ᠪᠣᠷᠲᠣᠭᠤᠷ ᠬᠡᠷᠡᠭᠯᠡᠳᠡᠭ᠂ ᠤᠷᠭᠤᠮᠠᠯ ᠤᠨ ᠦᠷ᠎ᠡ ᠵᠢᠮᠢᠰ ᠨᠢ ᠬᠥᠮᠦᠨ ᠤ ᠰᠣᠨᠢᠷᠬᠠᠯ ᠢ ᠲᠠᠲᠠᠮ᠎ᠠ ᠰᠠᠶᠢᠬᠠᠨ ᠪᠠᠶᠢᠳᠠᠭ᠂ ᠡᠨᠡ ᠬᠡᠳᠦᠨ ᠬᠠᠰᠢᠶᠠᠨ ᠳᠤ ᠨᠢᠭᠡ ᠵᠢᠯ ᠳᠤ ᠬᠤᠶᠠᠷ ᠭᠤᠷᠪᠠᠨ ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠳᠠᠭ︾ ᠭᠡᠵᠦ ᠪᠠᠶᠠᠷ ᠲᠠᠢ ᠪᠠᠷ ᠬᠡᠯᠡᠪᠡ᠃ ᠡᠨᠡ ᠬᠡᠳᠦᠨ ᠬᠠᠰᠢᠶᠠᠨ ᠳᠤ ᠨᠢᠭᠡ ᠵᠢᠯ ᠳᠤ ᠬᠤᠶᠠᠷ ᠭᠤᠷᠪᠠᠨ ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠳᠠᠭ᠃ ︽ᠵᠢᠵᠢᠭ ᠨᠣᠭᠤᠭᠠᠨ ᠤ ᠬᠦᠷᠢᠶᠡᠯᠡᠩ︾᠎ ᠨᠢ ᠵᠣᠯ ᠵᠢᠷᠭᠠᠯᠲᠤ ᠠᠮᠢᠳᠤᠷᠠᠯ ᠤᠨ ︽ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ︾ ᠪᠣᠯᠤᠭᠰᠠᠨ ᠮᠡᠲᠦ᠃      ᠣᠶᠢᠷ᠎ᠠ ᠶᠢᠨ ᠵᠢᠯ ᠳᠤ᠂ ᠵᠠᠩ ᠭᠤᠣ ᠪᠠᠯᠭᠠᠰᠤ ᠪᠦᠬᠦ ᠪᠠᠯᠭᠠᠰᠤᠨ ᠤ ᠡᠯ᠎ᠡ ᠲᠣᠰᠬᠤᠨ ᠤ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠲᠠᠢ ᠪᠠᠨ ᠤᠶᠠᠯᠳᠤᠭᠤᠯᠤᠨ᠂ ᠲᠠᠷᠢᠶᠠᠴᠢᠨ ᠡᠷᠦᠬᠡ ᠶᠢᠨ ᠣᠷᠣᠨ ᠰᠠᠭᠤᠴᠠ ᠶᠢᠨ ᠠᠷᠤ ᠥᠪᠥᠷ ᠤᠨ ᠰᠤᠯᠠ ᠪᠠᠶᠢᠬᠤ ᠭᠠᠵᠠᠷ ᠰᠢᠷᠣᠢ ᠶᠢ ᠭᠦᠢᠴᠡᠳ ᠠᠰᠢᠭᠯᠠᠵᠤ᠂ ᠬᠦᠷᠢᠶ᠎ᠡ ᠬᠠᠰᠢᠶ᠎ᠠ ᠶᠢᠨ ᠡᠬᠢ ᠪᠠᠶᠠᠯᠢᠭ ᠢ ᠠᠮᠢᠯᠠᠭᠤᠯᠵᠤ᠂ ︽ᠬᠦᠷᠢᠶ᠎ᠡ ᠬᠠᠰᠢᠶ᠎ᠠ ᠶᠢᠨ ᠠᠵᠤ ᠠᠬᠤᠢ︾᠎ ᠶᠢᠨ ᠰᠢᠨ᠎ᠡ ᠵᠠᠭᠪᠤᠷ ᠤᠨ ᠬᠥᠭᠵᠢᠯᠲᠡ ᠶᠢᠨ ᠰᠡᠳᠬᠢᠴᠡ ᠶᠢ ᠢᠳᠡᠪᠬᠢᠲᠡᠢ ᠰᠦᠪᠡᠭᠴᠢᠯᠡᠵᠦ᠂ ︽ᠵᠢᠵᠢᠭ ᠨᠣᠭᠤᠭ᠎ᠠ ᠶᠢᠨ ᠬᠦᠷᠢᠶᠡᠯᠡᠩ︾ ᠪᠣᠯᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠭᠡᠭᠡᠵᠦ ᠂ ︽ᠢᠮᠠᠬᠤ ᠶᠢᠨ ᠲᠡᠳᠦᠢ ᠭᠠᠵᠠᠷ︾᠎ ᠢ ᠦᠨᠡᠨᠬᠦ ︽ᠣᠷᠣᠯᠭ᠎ᠠ ᠶᠢ ᠨᠡᠮᠡᠭᠳᠡᠭᠦᠯᠬᠦ ᠬᠦᠷᠢᠶᠡᠯᠡᠩ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠪᠠ᠃      ᠬᠦᠷᠢᠶ᠎ᠡ ᠬᠠᠰᠢᠶ᠎ᠠ + ᠠᠮᠢ ᠠᠬᠤᠶ ᠶᠢᠨ ᠲᠡᠵᠢᠭᠡᠪᠦᠷᠢ      ᠵᠢᠷᠭᠠᠬᠤ ᠨᠡᠷᠡᠨ ᠤ ᠲᠤᠶᠠᠭᠠᠨ ᠤ ᠳᠣᠣᠷ᠎ᠠ᠂ ᠬᠦᠷᠢᠶᠡᠨ ᠠᠴᠠ ︽ᠮᠠᠶ ᠁ ᠮᠠᠶ ᠁ ᠮᠠᠶ ᠁ ᠁︾ ᠬᠤᠨᠢ ᠢᠮᠠᠭᠠᠨ ᠤ ᠲᠠᠭᠤᠨ ᠪᠣᠯᠤᠨ ᠡᠵᠡᠨ ᠤ ᠬᠢᠨᠢ ᠢᠳᠡᠭᠦᠯᠬᠦ ᠳᠠᠭᠤ ᠶᠢᠨ ᠲᠠᠭᠤᠨ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠵᠠᠩ ᠭᠤᠤ ᠪᠠᠯᠭᠠᠰᠤ ᠶᠢᠨ ᠠᠷᠪᠠᠨ ᠬᠤᠶᠠᠳᠤᠭᠠᠷ ᠨᠣᠮᠧᠷᠲᠤ ᠲᠣᠰᠬᠤᠨ ᠤ ᠠᠷᠠᠳ ᠵᠠᠩ ᡁᠢ ᠴᠢᠶᠠᠩ ᠤᠨ ᠭᠡᠷ ᠲᠤ ᠠᠯᠬᠤᠨ ᠣᠷᠣᠬᠤ ᠳᠤ᠂ ᠬᠤᠨᠢ ᠰᠦᠷᠦᠭ ᠤᠨ ᠳᠤᠮᠳᠠᠭᠤᠷ ᠭᠠᠷᠬᠤ ᠳᠤ᠂ ᠬᠠᠪ ᠬᠠᠷ᠎ᠠ ᠴᠢᠷᠠᠢ ᠳᠤᠨᠢ ᠢᠲᠡᠭᠡᠯ ᠲᠡᠭᠦᠯᠳᠡᠷ ᠢᠨᠢᠶᠡᠮᠰᠦᠭᠯᠡᠵᠦ᠂ ᠲᠡᠵᠢᠭᠡᠯ ᠪᠣᠷᠳᠤᠭ᠎ᠠ ᠪᠠᠨ ᠰᠠᠴᠤᠵᠤ ᠬᠤᠨᠢ ᠲᠡᠵᠢᠭᠡᠵᠦ ᠪᠠᠶᠢᠯ᠎ᠠ᠃      ︽ᠲᠠ ᠨᠠᠷ ᠦᠵᠡᠭᠡᠴᠢ᠂ ᠡᠨᠡ ᠪᠣᠯ ᠡᠨᠡ ᠵᠢᠯ ᠤᠨ ᠰᠠᠶ᠋ᠢᠬᠠᠨ ᠲᠠᠯᠪᠢᠭᠰᠠᠨ ᠬᠤᠷᠠᠭ᠎ᠠ ᠮᠥᠨ᠂ ᠶᠡᠭᠡ ᠰᠠᠶᠢᠬᠠᠨ ᠤᠷᠭᠤᠵᠤ ᠪᠠᠶᠢᠨ᠎ᠠ᠂ ᠤᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠤᠩ ᠰᠠᠶᠢᠨ ᠪᠠᠶᠢᠨ᠎ᠠ᠃︾ ︽ᠲᠠ ᠨᠠᠷ ᠦᠵᠡᠭᠡᠴᠢ᠂ ᠡᠨᠡ ᠪᠣᠯ ᠡᠨᠡ ᠵᠢᠯ ᠤᠨ ᠰᠠᠶ᠋ᠢᠬᠠᠨ ᠲᠠᠯᠪᠢᠭᠰᠠᠨ ᠬᠤᠷᠠᠭ᠎ᠠ ᠮᠥᠨ᠂ ᠶᠡᠭᠡ ᠰᠠᠶᠢᠨ ᠤᠷᠭᠤᠵᠤ ᠪᠠᠶᠢᠨ᠎ᠠ᠂ ᠤᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠤᠩ ᠰᠠᠶᠢᠨ ᠪᠠᠶᠢᠨ᠎ᠠ︾᠃ ᠬᠦᠷᠢᠶᠡᠨ ᠳᠤ ᠶᠠᠭᠠᠷᠠᠯᠳᠤᠵᠤ ᠪᠠᠶᠢᠭᠰᠠᠨ ᠵᠠᠩ ᡁᠢ ᠴᠢᠶᠠᠩ ᠵᠣᠴᠢᠳ ᠢᠶᠠᠨ ᠬᠠᠯᠠᠭᠤᠨ ᠢᠶᠠᠷ ᠳᠠᠭᠤᠳᠠᠬᠤ ᠶᠢᠨ ᠳᠠᠭᠠᠤ ᠭᠠᠷ ᠬᠦᠯ ᠨᠢ ᠱᠠᠯᠠᠮᠠᠭᠠᠢ ︽ᠠᠵᠢᠯ ᠳᠠᠭᠠᠨ ᠶᠠᠭᠠᠷᠠᠯᠳᠤᠨ᠎ᠠ︾᠃ ᠵᠠᠩ ᠭᠤᠤ ᠪᠠᠯᠭᠠᠰᠤ ᠶᠢᠨ ᠠᠷᠪᠠᠨ ᠬᠤᠶᠠᠳᠤᠭᠠᠷ ᠲᠣᠰᠬᠤᠨ ᠳᠤ ᠰᠠᠭᠤᠵᠤ ᠪᠠᠶᠢᠭ᠎ᠠ ᠵᠠᠩ ᡁᠢ ᠴᠢᠶᠠᠩ ᠪᠣᠯ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠴᠢ ᠪᠣᠯᠤᠨ᠎ᠠ᠂ 2020 ᠣᠨ ᠳᠤ ᠬᠥᠬᠡᠬᠤᠲᠠ ᠠᠴᠠ ᠨᠤᠲᠤᠭ ᠲᠠᠭᠠᠨ ᠪᠤᠴᠠᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠥᠪᠡᠷ ᠤᠨ ᠬᠦᠷᠢᠶᠡᠨ ᠳᠡᠭᠡᠨ 360 ᠨᠠᠷᠢᠨ ᠰᠡᠭᠦᠯᠲᠦ ᠬᠤᠨᠢ ᠲᠡᠵᠢᠭᠡᠵᠦ᠂ 30 ᠭᠠᠷᠤᠶ ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠪᠡ᠃       ᠣᠳᠣ ᠵᠠᠮ ᠬᠠᠷᠢᠯᠴᠠᠭ᠎ᠠ ᠳᠥᠭᠦᠮ᠂ ᠪᠢᠳᠡᠨ ᠤ ᠠᠮᠢᠳᠤᠷᠠᠯ ᠡᠷᠡᠮᠡᠯᠵᠡᠯ ᠲᠠᠢ᠂ ᠮᠠᠯ ᠬᠤᠳᠠᠯᠳᠤᠬᠤ ᠲᠡᠷᠭᠡ ᠰᠢᠭᠤᠳ ᠮᠢᠨᠦ ᠡᠭᠦᠳᠡᠨ ᠳᠡᠭᠡᠷ᠎ᠡ ᠢᠷᠡᠵᠦ ᠬᠤᠳᠠᠯᠳᠤ᠂ ᠮᠢᠨᠦ ᠲᠡᠵᠢᠭᠡᠭᠰᠡᠨ ᠬᠤᠨᠢ ᠬᠤᠳᠠᠯᠳᠤᠬᠤ ᠳᠤ ᠵᠣᠪᠠᠭ᠋ᠤ ᠦᠭᠡᠢ᠃ ᠵᠠᠩ ᡁᠢ ᠴᠢᠶᠠᠩ ᠬᠡᠷ ᠤᠨ ᠢᠶᠠᠨ ᠡᠭᠦᠳᠡᠨ ᠳᠠᠬᠢ ᠰᠠᠷᠠᠭᠤᠯ ᠳᠠᠷᠳᠠᠩ ᠵᠠᠰᠠᠮᠠᠯ ᠵᠠᠮ ᠢ ᠵᠢᠭᠠᠵᠤ ᠰᠡᠳᠬᠢᠯ ᠳᠣᠭᠳᠣᠯᠤᠨ ᠬᠡᠯᠡᠨ᠎ᠡ᠃ ᠣᠲᠣ᠂ ᠵᠠᠩ ᡁᠢ ᠴᠢᠶᠠᠩ ᠤᠨ ᠡᠳᠦᠷ ᠪᠦᠷᠢ ᠶᠢᠨ ᠬᠠᠮᠤᠭ ᠤᠨ ᠪᠠᠶᠠᠷᠲᠠᠶ ᠶᠠᠪᠤᠳᠠᠯ ᠪᠣᠯ ᠳᠠᠷᠤᠶ ᠬᠤᠨᠢ ᠲᠡᠵᠢᠭᠡᠬᠦ ᠶᠠᠪᠤᠳᠠᠯ ᠪᠣᠯᠤᠨ᠎ᠠ᠂ ᠡᠨᠡ ᠨᠢ ︿ᠬᠤᠨᠢ ᠲᠡᠵᠢᠭᠡᠬᠦ﹀᠎ ᠶᠢᠨ ᠠᠪᠴᠢᠷᠠᠭᠰᠠᠨ ᠪᠠᠶᠠᠵᠢᠯ ᠤᠨ ᠰᠠᠶᠢᠨ ᠡᠳᠦᠷ ᠪᠣᠯᠤᠨ᠎ᠠ᠃      ᠣᠶᠢᠷ᠎ᠠ ᠶᠢᠨ ᠵᠢᠯ ᠳᠤ ᠵᠠᠩ ᠭᠤᠤ ᠪᠠᠯᠭᠠᠰᠤ ᠡᠷᠦᠬᠡ ᠳᠤ ᠬᠦᠷᠴᠦ ᠠᠵᠤ ᠦᠢᠯᠡᠰ ᠢᠶᠠᠷ ᠲᠡᠳᠬᠦᠨ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ ︵ᠤᠷᠢᠳ ᠬᠤᠵᠢᠳ ᠲᠣᠰᠬᠤᠨ ᠤ ᠠᠷᠠᠳ ᠲᠤ 559 ᠦᠬᠡᠷ᠂ 1549 ᠬᠤᠨᠢ᠂ 523 ᠲᠠᠬᠢᠶ᠎ᠠ ᠬᠤᠳᠠᠯᠳᠤᠨ ᠠᠪᠴᠤ ᠥᠭᠴᠡᠶ︶ ᠪᠠ ᠡᠪᠡᠰᠦ ᠪᠣᠷᠳᠣᠭᠠᠨ ᠤ ᠨᠥᠬᠦᠪᠥᠷᠢ ᠶᠢᠨ ᠲᠥᠷᠥᠯ  ᠵᠦᠢᠯ ᠨᠢ ᠪᠥᠬᠦ ᠪᠠᠯᠭᠠᠰᠤᠨ ᠤ ᠦᠬᠡᠷ ᠬᠤᠨᠢ ᠲᠠᠬᠢᠶ᠎ᠠ ᠵᠡᠷᠭᠡ ᠬᠦᠷᠢᠶ᠎ᠡ ᠬᠠᠰᠢᠶᠠᠨ ᠤ ᠲᠡᠵᠢᠭᠡᠨ ᠦᠷᠡᠵᠢᠭᠦᠯᠬᠦ ᠠᠵᠤ ᠦᠢᠯᠡᠰ ᠢ ᠲᠡᠳᠬᠦᠨ ᠳᠡᠮᠵᠢᠵᠦ᠂ ᠪᠥᠬᠦ ᠪᠠᠯᠭᠠᠰᠤᠨ ᠤ ᠬᠦᠷᠢᠶ᠎ᠡ ᠬᠠᠰᠢᠶᠠᠨ ᠤ ᠲᠡᠵᠢᠭᠡᠨ ᠦᠷᠡᠵᠢᠭᠦᠯᠬᠦ ᠠᠵᠤ ᠦᠢᠯᠡᠰ ᠨᠢ ᠬᠤᠷ᠎ᠠ ᠶᠢᠨ ᠳᠠᠷᠠᠭᠠᠬᠢ ᠬᠤᠯᠤᠰᠤᠨ ᠰᠣᠶᠤᠭ᠎ᠠ ᠮᠡᠲᠦ ᠪᠥᠬᠦ ᠪᠠᠯᠭᠠᠰᠤᠨ ᠳᠤ ᠥᠷᠨᠢᠨ ᠬᠥᠭᠵᠢᠪᠡ᠃ ᠣᠳᠣᠬᠠᠨ ᠳᠤ 5000 ᠭᠠᠷᠤᠶ ᠠᠯᠠᠰᠢᠨ ᠦᠬᠡᠷ᠂ 13000 ᠭᠠᠷᠤᠶ ᠠᠯᠠᠰᠢᠨ ᠬᠤᠨᠢ᠂ 3000 ᠭᠠᠷᠤᠶ ᠭᠠᠭ᠋ᠠᠶ᠂ 4000 ᠭᠠᠷᠤᠶ ᠲᠠᠬᠢᠶ᠎ᠠ ᠲᠡᠵᠢᠭᠡᠵᠦ ᠪᠠᠶᠢᠨ᠎ᠠ᠃      ᠬᠦᠷᠢᠶ᠎ᠡ ᠬᠠᠰᠢᠶ᠎ᠠ + ᠤᠨᠴᠠᠯᠢᠭᠳᠤ ᠭᠠᠷ ᠤᠷᠠᠯᠠᠯ      ᠬᠥᠳᠡᠭᠡ ᠶᠢᠨ ᠵᠠᠮ ᠢᠶᠠᠷ ᠡᠷᠲᠡᠨ ᠤ ᠪᠠᠯᠭᠠᠰᠤ ᠶᠢᠨ ᠵᠠᠩ ᠭᠤᠤ ᠪᠠᠯᠭᠠᠰᠤ ᠶᠢᠨ ᠵᠠᠩ ᠭᠤᠤ ᠲᠣᠰᠬᠤᠨ ᠳᠤ ᠬᠦᠷᠬᠦ ᠳᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠨᠢᠳᠦᠨ ᠳᠤ ᠲᠣᠳᠣᠷᠠᠵᠤ᠂ ᠵᠢᠮᠢᠰ ᠤᠨ ᠮᠣᠳᠣ ᠡᠯᠪᠡᠭ ᠬᠤᠷᠢᠶᠠᠯᠲᠠ ᠲᠠᠢ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠨᠢ ︽ᠬᠦᠷᠢᠶᠡᠨ ᠤ ᠠᠵᠤ ᠠᠬᠤᠢ︾᠎ ᠶᠢ ᠪᠤᠢ ᠪᠣᠯᠭᠠᠭᠰᠠᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠬᠥᠭᠵᠢᠭᠡᠵᠡᠢ᠃      ᠵᠠᠩ ᠭᠤᠤ ᠲᠣᠰᠬᠤᠨ ᠤ ᠴᠢᠨ ᠱᠦᠨ ᠯᠢ ᠶᠢᠨ ᠭᠡᠷ ᠲᠤ᠂ ᠭᠤᠷᠪᠠᠨ ᠰᠠᠷ᠎ᠠ ᠶᠢᠨ ᠲᠠᠪᠤᠨ ᠤ ᠰᠠᠶᠢᠨ ᠨᠠᠶᠢᠵᠠ ᠬᠠᠨᠵᠤᠨ ᠳᠡᠭᠡᠷ᠎ᠡ ᠪᠠᠨ ᠰᠠᠭᠤᠵᠤ᠂ ᠬᠦᠵᠢ ᠶᠢᠨ ᠤᠭᠤᠲᠠ ᠶᠢᠨ ᠰᠢᠨ᠎ᠡ ᠶᠢ ᠡᠭᠦᠳᠬᠦ ᠲᠤᠬᠠᠢ ᠨᠢᠭᠡ ᠨᠢᠭᠡ ᠦᠭᠡ ᠪᠠᠷ ᠶᠠᠷᠢᠯᠴᠠᠵᠤ ᠪᠠᠶᠢᠯ᠎ᠠ᠃ ᠨᠢᠭᠡ ᠬᠡᠰᠡᠭ ᠪᠥᠰ᠂ ᠨᠢᠭᠡ ᠰᠢᠷᠬᠡᠭ ᠵᠡᠭᠦᠦ ᠤᠲᠠᠰᠤ᠂ ᠨᠢᠭᠡ ᠰᠢᠷᠬᠡᠭ ᠲᠠᠪᠤᠨ ᠥᠩᠭᠡᠲᠦ ᠳᠡᠭᠡᠰᠦ᠂ ᠳᠡᠭᠡᠷ᠎ᠡ ᠨᠢ ᠪᠠᠰᠠ ᠨᠢᠭᠡ ᠬᠡᠰᠡᠭ ᠴᠢᠭᠵᠢᠶᠡᠰᠦ ᠨᠡᠮᠡᠭᠡᠳ᠂ ᠨᠢᠭᠡ ᠭᠤᠬᠠᠳᠠᠨ᠂ ᠨᠢᠭᠡ ᠣᠨᠢᠰᠤ ᠲᠠᠢ᠂ ᠨᠠᠷᠢᠨ ᠵᠡᠭᠦᠦ ᠪᠠᠷ ᠬᠥᠩᠭᠡᠨ ᠪᠥᠵᠢᠭᠯᠡᠨ᠎ᠡ᠃ ᠵᠡᠭᠦᠦ ᠪᠠᠷ ᠤᠲᠠᠰᠤ ᠲᠠᠲᠠᠵᠤ᠂ ᠯᠣᠣ ᠭᠠᠷᠤᠳᠢ ᠶᠢᠨ ᠪᠥᠵᠢᠭ ᠪᠥᠵᠢᠭᠯᠡᠵᠦ᠂ ᠤᠯᠠᠨ ᠢᠶᠠᠷ ᠢᠶᠠᠨ ᠣᠨᠴᠠ ᠨᠠᠷᠢᠨ ᠬᠢᠨᠠᠮᠠᠭᠠᠶ ᠪᠠᠷ ᠬᠦᠵᠢ ᠶᠢᠨ ᠬᠠᠪᠲᠠᠭ᠎ᠠ ᠶᠢ ᠬᠢᠵᠦ ᠪᠠᠶᠢᠯ᠎ᠠ᠃      ︽ᠣᠶᠣᠵᠤ ᠨᠡᠶᠢᠯᠡᠭᠦᠯᠬᠦ ᠶᠢᠨ ᠵᠠᠩᠭᠢᠯᠠᠭ᠎ᠠ ᠨᠢ ᠵᠡᠭᠦᠦ ᠶᠢᠨ ᠤᠯᠠ ᠨᠢ ᠵᠠᠪᠠᠯ ᠨᠢᠭᠲᠠ ᠪᠠᠶᠢᠬᠤ ᠬᠡᠷᠡᠭᠲᠡᠶ᠂ ᠤᠲᠠᠰᠤᠨ ᠤ ᠦᠵᠦᠭᠦᠷ ᠪᠠ ᠰᠦᠢᠬᠠᠨ ᠡᠪᠡᠰᠦ ᠶᠢ ᠠᠮᠠᠷᠬᠠᠨ ᠭᠠᠷᠭᠠᠵᠤ ᠴᠢᠳᠠᠬᠤ ᠦᠭᠡᠢ᠂ ᠤᠲᠠᠰᠤ ᠶᠢ ᠨᠢ ᠵᠠᠪᠠᠯ ᠵᠢᠭᠳᠡ ᠰᠠᠶᠢᠬᠠᠨ ᠵᠣᠬᠢᠶᠠᠪᠠᠯ ᠦᠨᠦᠷᠲᠦ ᠬᠠᠪᠲᠠᠭ᠎ᠠ ᠶᠢᠨ ᠬᠡᠯᠪᠡᠷᠢ ᠳᠦᠷᠰᠦ ᠨᠢ ᠰᠠᠶ᠋ᠢ ᠭᠤᠶᠤ ᠰᠠᠶᠢᠬᠠᠨ ᠪᠣᠯᠳᠠᠭ ᠲᠤ ᠣᠷᠣᠰᠢᠨ᠎ᠠ᠃︾ ᠣᠯᠠᠨ ᠢᠶᠠᠷ ᠢᠶᠠᠨ ᠨᠠᠷᠢᠨ ᠨᠢᠮᠪᠠᠶ ᠪᠠᠷ ᠵᠡᠭᠦᠦ ᠰᠢᠭᠠᠵᠤ᠂ ᠵᠡᠭᠦᠦ ᠣᠶᠣᠬᠤ ᠶᠢᠨ ᠳᠠᠭᠠᠤ ᠶᠠᠷᠢᠯᠴᠠᠵᠤ ᠪᠠᠢᠯ᠎ᠠ᠃ ᠳᠡᠮᠡᠶ ᠤᠳᠠᠯ ᠦᠭᠡᠢ ᠬᠡᠰᠡᠭ ᠪᠤᠰᠠᠭ ᠪᠦᠰ ᠢ ᠣᠶᠣᠵᠤ ᠬᠡᠪᠰᠢᠭᠦᠯᠪᠡ᠃ ᠬᠠᠷᠠᠭᠠᠴᠢ᠂ ᠡᠨᠡ ᠣᠶᠣᠳᠠᠯ ᠤᠨ ᠠᠵᠢᠯ ᠴᠡᠪᠡᠷ ᠴᠡᠮᠴᠡᠭᠡᠷ ᠪᠥᠭᠡᠳ ᠭᠤᠶᠣ ᠰᠠᠢᠬᠠᠨ ᠁      ᠡᠨᠡ ᠵᠢᠯ ᠠᠴᠠ ᠨᠠᠰᠢ᠂ ᠵᠠᠩ ᠭᠤᠤ ᠪᠠᠯᠭᠠᠰᠤ ᠶᠢᠨ ᠬᠢᠨ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠭᠡᠷ ᠪᠦᠯᠢ ᠶᠢᠨ ᠭᠠᠷ ᠦᠢᠯᠡᠳᠪᠦᠷᠢ ᠶᠢ ᠬᠠᠶᠢᠨ ᠰᠦᠪᠡᠭᠴᠢᠯᠡᠵᠦ᠂ 2023 ᠣᠨ ᠳᠤ ᠵᠠᠩ ᠭᠤᠤ ᠶᠢᠨ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠦᠮ᠎ᠡ ᠶᠢᠨ ᠴᠤᠭᠯᠠᠭᠠᠨ ᠢ ᠠᠰᠢᠭᠯᠠᠵᠤ᠂ ᠲᠣᠰᠬᠤᠨ ᠤ ᠠᠷᠠᠳ ᠤᠨ ᠭᠠᠷ ᠢᠶᠠᠷ ᠣᠶᠣᠭᠰᠠᠨ ︽ᠰᠦᠢᠬᠠᠨ ᠡᠪᠡᠰᠦᠨ ᠤ ᠦᠨᠦᠷᠲᠦ ᠬᠠᠪᠲᠠᠭ᠎ᠠ︾᠎ ᠶᠢ ᠪᠣᠷᠣᠯᠠᠭᠤᠯᠵᠤ᠂ ᠠᠵᠢᠯᠯᠠᠭ᠎ᠠ ᠶᠢᠨ ᠬᠤᠭᠤᠴᠠᠭᠠᠨ ᠳᠤ ᠥᠷᠭᠡᠨ ᠤᠯᠠᠨ ᠵᠤᠭᠠᠴᠠᠭᠰᠠᠳ ᠤᠨ ᠲᠠᠭᠠᠰᠢᠶᠠᠯ ᠢ ᠣᠯᠵᠠᠢ᠃ ᠡᠮᠡᠭᠲᠡᠶᠢᠴᠦᠳ ᠰᠤᠯᠠ ᠰᠡᠯᠡᠭᠦᠦ ᠴᠠᠭ ᠢᠶᠠᠨ ᠠᠰᠢᠭᠯᠠᠨ ᠤᠯᠠᠮᠵᠢᠯᠠᠯᠲᠤ ᠭᠠᠷ ᠤᠷᠠᠯᠠᠯ ᠤᠨ ᠦᠢᠯᠡᠳᠬᠡᠯ ᠬᠢᠵᠦ᠂ ᠬᠥᠳᠡᠭᠡ ᠲᠣᠰᠬᠤᠨ ᠤ ᠡᠮᠡᠭᠲᠡᠶᠢᠴᠦᠳ ᠲᠤ  ᠬᠦᠷᠢᠶ᠎ᠡ ᠬᠠᠰᠢᠶ᠎ᠠ ᠪᠠᠨ ᠠᠰᠢᠭᠯᠠᠨ ᠭᠡᠷ ᠲᠡᠭᠡᠨ ᠴᠦ ᠲᠠᠬᠢᠨ ᠠᠵᠢᠯ ᠣᠯᠭᠤᠵᠤ᠂ ᠬᠡᠷ ᠪᠦᠯᠢ ᠶᠢᠨ ᠣᠷᠣᠯᠭ᠎ᠠ ᠶᠢ ᠨᠢ ᠨᠡᠮᠡᠭᠳᠡᠭᠦᠯᠦᠨ᠎ᠡ᠃      ᠬᠦᠷᠢᠶ᠎ᠡ ᠬᠠᠰᠢᠶ᠎ᠠ + ᠤᠨᠴᠠᠯᠢᠭᠳᠤ ᠲᠠᠷᠢᠮᠠᠯ      ᠴᠢ ᠳ᠋ᠤᠤ ᠭᠧᠤ ᠨᠢ ᠮᠤᠷᠤᠶ ᠰᠠᠷᠤᠶ ᠲᠠᠷᠢᠶᠠᠨ ᠳᠤᠮᠳᠠᠬᠢ ᠵᠡᠭᠦᠨ ᠪᠠᠷᠠᠭᠤᠨ ᠵᠠᠮ ᠤᠨ ᠬᠤᠭᠤᠷᠣᠨᠳᠣ ᠪᠠᠶᠢᠷᠢᠰᠢᠵᠤ᠂ ᠲᠣᠰᠬᠤᠨ ᠤ ᠮᠠᠰᠢ ᠣᠯᠠᠨ ᠲᠠᠷᠢᠶᠠᠴᠢᠨ ᠡᠷᠦᠬᠡ ᠶᠢᠨ ᠬᠡᠷ ᠪᠠᠶᠢᠰᠢᠩ ᠤᠨ ᠠᠷᠤ ᠥᠪᠥᠷ ᠲᠤ ᠴᠥᠮ ᠥᠪᠡᠷ ᠤᠨ ᠨᠣᠭᠤᠭ᠎ᠠ ᠶᠢᠨ ᠬᠠᠰᠢᠶ᠎ᠠ ᠲᠠᠢ ᠪᠠᠶᠢᠳᠠᠭ᠂ ᠬᠡᠳᠦ᠋ᠢᠪᠡᠷ ᠦᠵᠡᠬᠦ ᠳᠤ ᠶᠠᠯᠢᠮ ᠥᠬᠡᠶ ᠪᠣᠯᠪᠠᠴᠤ ᠲᠣᠰᠬᠤᠨ ᠤ ᠠᠷᠠᠳ ᠤᠨ ︽ᠪᠠᠶᠠᠵᠢᠯ ᠤᠨ ᠬᠦᠷᠢᠶᠡᠯᠡᠩ︾ ᠪᠣᠯᠤᠨ᠎ᠠ᠃ ᠴᠢ ᠳ᠋ᠤᠤ ᠭᠸᠤ ᠲᠣᠰᠬᠤᠨ ᠤ ᠠᠷᠠᠳ ᠯᠢ ᠭᠤᠸᠠᠨ ᠰᠢ ᠶᠢᠨ ᠬᠦᠷᠢᠶᠡᠨ ᠳᠤ ᠣᠷᠣᠬᠤ ᠳᠤ᠂ ᠴᠡᠪᠡᠷ ᠲᠤᠩᠭᠠᠯᠠᠭ ᠵᠢᠵᠢᠭ ᠭᠡᠷ ᠪᠠᠶᠢᠰᠢᠩ ᠲᠠᠢ ᠪᠠᠶᠢᠬᠤ ᠪᠠᠷ ᠪᠠᠷᠠᠬᠤ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠢᠵᠢᠭ ᠬᠦᠷᠢᠶᠡᠯᠡᠩ ᠴᠦ ᠬᠠᠷᠠᠭᠳᠠᠨ᠎ᠠ᠂ ᠵᠢᠵᠢᠭᠬᠡᠨ ᠨᠣᠭᠤᠭ᠎ᠠ ᠶᠢᠨ ᠬᠦᠷᠢᠶᠡᠯᠡᠩ ᠳᠤ ᠯᠢ ᠭᠤᠸᠠᠨ ᠰᠢ ᠬᠥᠭᠰᠢᠨ ᠬᠤᠶᠠᠭᠤᠯᠠ ᠶᠢᠨ ᠪᠠᠶᠠᠵᠢᠯ ᠤᠨ ᠰᠤᠳᠤᠷ ᠠᠭᠤᠯᠤᠭᠳᠠᠵᠤ ᠪᠠᠶᠢᠯ᠎ᠠ᠃      ᠯᠢ ᠭᠤᠸᠠᠨ ᠰᠢ ᠶᠢᠨ ᠲᠠᠨᠢᠯᠴᠠᠭᠤᠯᠤᠭᠰᠠᠨ ᠢᠶᠠᠷ᠂ ᠨᠣᠭᠤᠭ᠎ᠠ ᠶᠢᠨ ᠬᠦᠷᠢᠶᠡᠯᠡᠩ ᠳᠤ ᠤᠤᠯ ᠤᠨ ᠪᠠᠶᠢᠭᠰᠠᠨ ᠲᠥᠪᠡᠳ ᠬᠠᠰᠢ᠂ ᠯᠠᠵᠤᠤ᠂ ᠥᠷᠭᠡᠰᠦᠲᠦ ᠬᠡᠮᠬᠡ᠂ ᠲᠦᠭᠦᠬᠡᠶ ᠨᠣᠭᠤᠭ᠎ᠠ᠂ ᠬᠠᠰᠢ᠂ ᠪᠤᠷᠴᠠᠭ ᠵᠡᠷᠭᠡ ᠠᠴᠠ ᠭᠠᠳᠠᠨ᠎ᠠ ᠪᠠᠰᠠ 10 ᠮᠥ ᠦᠵᠦᠮ᠂ 20 ᠮᠥ ᠤᠯᠠᠭᠠᠨ ᠭᠦᠢᠯᠡᠰᠦ ᠳᠠᠷᠢᠵᠠᠶ᠃      ᠯᠢ ᠭᠤᠸᠠᠨ ᠰᠢ ᠵᠠᠬ᠎ᠠ ᠳᠡᠯᠭᠡᠭᠦᠷ ᠤᠨ ᠵᠠᠳᠠᠯᠤᠯᠲᠠ ᠶᠢ ᠦᠨᠳᠦᠰᠦᠯᠡᠨ᠂ ᠡᠨᠡ ᠤᠯᠠᠷᠢᠯ ᠳᠤ ᠦᠵᠦᠮ ᠪᠠ ᠤᠯᠠᠭᠠᠨ ᠭᠦᠢᠯᠡᠰᠦ ᠨᠡᠯᠢᠶᠡᠳ ᠬᠦᠷᠢᠶᠡᠯᠡᠯ ᠲᠠᠢ ᠰᠠᠨᠠᠭᠳᠠᠳᠠᠭ᠂ ᠤᠳᠤ ᠨᠣᠭᠤᠭ᠎ᠠ ᠶᠢᠨ ᠬᠠᠰᠢᠶᠠᠨ ᠳᠤ ᠥᠪᠡᠷ ᠤᠨ ᠢᠳᠡᠵᠦ ᠪᠠᠶᠢᠭᠰᠠᠨ ᠨᠣᠭᠤᠭ᠎ᠠ ᠠᠴᠠ ᠭᠠᠳᠠᠨ᠎ᠠ᠂ ᠵᠠᠷᠢᠮ ᠳᠠᠭᠠᠨ ᠡᠬᠡᠨᠡᠷ ᠨᠢ ᠵᠢᠵᠢᠭ ᠬᠠᠰᠢᠶᠠᠨ ᠤ ᠪᠠᠨ ᠬᠤᠭᠤᠰᠣᠨ ᠭᠠᠵᠠᠷ ᠢ ᠠᠰᠢᠭᠯᠠᠨ ᠲᠦᠭᠦᠬᠡᠶ ᠨᠣᠭᠤᠭ᠎ᠠ ᠪᠠ ᠥᠷᠭᠡᠰᠦᠲᠦ ᠬᠡᠮᠬᠡ ᠲᠠᠷᠢᠵᠦ ᠵᠠᠬ᠎ᠠ ᠳᠡᠯᠭᠡᠭᠦᠷ ᠲᠤ ᠠᠪᠠᠴᠢᠵᠤ ᠪᠣᠷᠣᠯᠠᠭᠤᠯᠳᠠᠭ᠂ ᠤᠳᠤ ᠡᠷ᠎ᠡ ᠡᠮ᠎ᠡ ᠬᠤᠶᠠᠭᠤᠯᠠ ᠪᠠᠨ ᠵᠢᠵᠢᠭ ᠨᠣᠭᠤᠭ᠎ᠠ ᠶᠢᠨ ᠬᠠᠰᠢᠶ᠎ᠠ ᠪᠠᠨ ᠡᠮᠬᠢ ᠵᠠᠮᠪᠠᠷᠠᠭ᠎ᠠ ᠲᠠᠢ ᠬᠠᠮᠢᠶᠠᠷᠴᠤ᠂ ᠡᠷ᠎ᠡ ᠡᠮ᠎ᠡ ᠬᠤᠶᠠᠭᠤᠯᠠ ᠶᠢᠨ ᠲᠠᠷᠢᠭᠰᠠᠨ ᠦᠵᠦᠮ ᠤᠨ ᠮᠤ ᠪᠦᠷᠢ ᠶᠢᠨ ᠤᠨᠠᠯᠲᠠ ᠨᠢ ᠪᠠᠷᠤᠭ 2000 ᠵᠢᠩ᠂ ᠵᠢᠯ ᠳᠤ 2 ᠲᠦᠮᠡᠨ ᠵᠢᠩ ᠤᠨ ᠭᠠᠷᠤᠯᠲᠠ ᠲᠠᠢ ᠪᠣᠯᠵᠠᠶ︔ ᠯᠢ ᠽᠢ ᠶᠢᠨ ᠮᠦ ᠪᠦᠷᠢ ᠶᠢᠨ ᠤᠨᠠᠯᠲᠠ ᠨᠢ ᠪᠠᠷᠤᠭ 4000 ᠵᠢᠩ ᠳᠤ ᠬᠦᠷᠴᠦ᠂ ᠭᠡᠷ ᠪᠦᠯᠢ ᠶᠢᠨ ᠵᠢᠯ ᠤᠨ ᠣᠷᠣᠯᠭ᠎ᠠ ᠨᠢ 10 ᠲᠦᠮᠡ ᠣᠷᠴᠢᠮ ᠪᠣᠯᠪᠠ᠃      ᠯᠢ ᠭᠤᠸᠠᠨ ᠰᠢ ᠲᠠᠢ ᠶᠠᠷᠢᠯᠴᠠᠬᠤ ᠳᠠᠭᠠᠨ ᠯᠢ ᠭᠤᠸᠠᠨ ᠰᠢ ᠶᠢᠨ ᠡᠬᠡᠨᠡᠷ ᠰᠦᠨ ᠲᠤᠸᠠᠨ ᠲᠤᠸᠠᠨ ᠰᠠᠶ᠋ᠢᠬᠠᠨ ᠨᠣᠭᠤᠭ᠎ᠠ ᠶᠢᠨ ᠬᠠᠰᠢᠶᠠᠨ ᠠᠴᠠ ᠪᠠᠨ ᠬᠠᠭᠠᠰ ᠲᠠᠯ᠎ᠠ ᠶᠢᠨ ᠤᠯᠠᠭᠠᠨ ᠯᠢᠽᠢ ᠪᠠᠨ ᠲᠡᠭᠦᠵᠦ ᠠᠪᠤᠪᠠ᠃ ᠡᠨᠡ ᠦᠶ᠎ᠡ ᠳᠤ ᠯᠢ ᠭᠤᠸᠠᠨ ᠰᠢ ᠶᠢᠨ ᠡᠬᠡᠨᠡᠷ ᠰᠦᠨ ᠲᠤᠸᠠᠨ ᠲᠤᠸᠠᠨ ᠰᠠᠶ᠋ᠢ ᠨᠣᠭᠤᠭ᠎ᠠ ᠶᠢᠨ ᠬᠦᠷᠢᠶᠡᠯᠡᠩ ᠠᠴᠠ ᠪᠠᠨ ᠬᠠᠭᠠᠰ ᠲᠠᠯ᠎ᠠ ᠶᠢᠨ ᠤᠯᠠᠭᠠᠨ ᠯᠢᠽᠢ ᠪᠠᠨ ᠲᠡᠭᠦᠵᠦ ᠠᠪᠤᠪᠠ᠃ ︽ᠣᠳᠣᠬᠠᠨ ᠳᠤ ᠵᠠᠰᠠᠭ ᠤᠨ ᠣᠷᠳᠣᠨ ᠠᠴᠠ ︿ᠬᠦᠷᠢᠶ᠎ᠡ ᠬᠠᠰᠢᠶ᠎ᠠ ᠶᠢᠨ ᠠᠵᠤ ᠠᠬᠤᠶ﹀᠎ ᠶᠢ ᠬᠥᠭᠵᠢᠭᠦᠯᠬᠦ ᠶᠢ ᠵᠣᠷᠢᠭᠵᠢᠭᠤᠯᠵᠤ ᠪᠠᠶᠢᠨ᠎ᠠ᠂ ᠮᠠᠨ ᠤ ᠭᠡᠷ ᠤᠨ ᠬᠦᠷᠢᠶ᠎ᠡ ᠶᠡᠭᠡ ᠪᠢᠰᠢ ᠪᠣᠯᠪᠠᠴᠤ ᠪᠢᠳᠡ ᠭᠡᠷ ᠤᠨ ᠠᠷᠤ ᠥᠪᠥᠷ ᠲᠡᠭᠡᠨ ᠴᠥᠮ ᠲᠥᠪᠡᠳ ᠬᠠᠰᠢ᠂ ᠯᠠᠵᠤᠤ᠂ ᠬᠠᠰᠢ ᠵᠡᠷᠭᠡ ᠢᠳᠡᠰᠢᠨ ᠨᠣᠭᠤᠭ᠎ᠠ ᠳᠠᠷᠢᠪᠠᠯ ᠭᠡᠷ ᠪᠦᠯᠢ ᠶᠢᠨ ᠵᠠᠷᠤᠳᠠᠯ ᠢ ᠶᠡᠭᠡ ᠪᠠᠷ ᠠᠷᠪᠢᠯᠠᠵᠤ ᠴᠢᠳᠠᠬᠤ ᠪᠠᠷ ᠪᠠᠷᠠᠬᠤ ᠦᠭᠡᠶ ᠪᠠᠰᠠ ᠬᠤᠳᠠᠯᠳᠤᠵᠤ ᠵᠣᠭᠤᠰ ᠣᠯᠵᠤ ᠴᠢᠳᠠᠨ᠎ᠠ ︾᠃ ᠭᠡᠵᠦ ᠰᠦᠨ ᠲᠤᠸᠠᠨ ᠲᠤᠸᠠᠨ ᠬᠡᠯᠡᠪᠡ᠃      ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢᠨ ᠲᠤᠬᠠᠶ ᠶᠠᠷᠢᠬᠤ ᠳᠤ᠂ ᠬᠥᠮᠦᠰ ᠤᠨ ᠨᠢᠳᠦᠨ ᠳᠤ ᠶᠡᠭᠡ ᠨᠡᠭᠦᠷᠡᠰᠦᠨ ᠣᠪᠣᠭ᠎ᠠ᠂ ᠭᠠᠯ ᠲᠦᠯᠡᠵᠦ ᠬᠤᠭᠤᠯᠠ ᠬᠢᠬᠦ᠂ ᠢᠯᠠᠭ᠎ᠠ ᠪᠠᠲᠠᠭᠠᠨ᠎ᠠ ᠭᠠᠵᠠᠷ ᠪᠣᠯᠭᠠᠨ ᠳᠤ ᠨᠢᠰᠴᠦ ᠪᠠᠶᠢᠭ᠎ᠠ ᠵᠡᠷᠭᠡ ᠪᠠᠶᠢᠳᠠᠯ ᠢᠯᠡᠷᠡᠵᠦ ᠪᠠᠶᠢᠳᠠᠭ᠂ ᠦᠨᠡᠨ ᠳᠡᠭᠡᠨ᠂ ᠥᠨᠥᠳᠦᠷ ᠤᠨ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠳᠤ ᠠᠯᠢ ᠡᠷᠲᠡ ᠨᠠᠩ ᠪᠠᠶᠠᠯᠢᠭ ᠳᠦᠷᠢ ᠲᠥᠷᠬᠦ ᠪᠠ ᠠᠭᠤᠯᠤᠭᠳᠠᠬᠤᠨ ᠲᠠᠢ ᠪᠣᠯᠤᠭᠰᠠᠨ ᠪᠠᠶᠢᠨ᠎ᠠ᠃ ᠴᠢ ᠳ᠋ᠤᠤ ᠭᠧᠤ ᠳᠤ ᠴᠡᠪᠡᠷ ᠴᠡᠮᠴᠡᠭᠡᠷ᠂ ᠦᠵᠡᠰᠬᠦᠯᠡᠩ ᠨᠠᠷᠢᠯᠢᠭ ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ ᠨᠤᠭᠤᠳ ᠲᠤ᠂ ᠲᠠᠲᠠᠭᠠᠯ ᠲᠠᠲᠠᠭᠠᠯ ᠭᠤᠸᠠ ᠵᠢᠮᠢᠰ ᠢᠳᠡᠰᠢᠨ ᠨᠣᠭᠤᠭ᠎ᠠ ᠶᠢᠨ ᠥᠨᠳᠥᠷ ᠪᠣᠭᠤᠨᠢ ᠨᠢ ᠰᠣᠯᠪᠢᠴᠠᠵᠤ᠂ ᠬᠦᠷᠢᠶ᠎ᠡ ᠬᠠᠰᠢᠶ᠎ᠠ ᠪᠠᠨ ᠴᠡᠴᠡᠷᠯᠢᠭ ᠤᠨ ᠬᠦᠷᠢᠶᠡᠯᠡᠩ ᠰᠢᠭ ᠴᠢᠮᠡᠭᠯᠡᠨ ᠴᠢᠮᠡᠵᠡᠶ᠃ ᠠᠮᠢᠳᠤᠯᠢᠭ ᠪᠥᠭᠡᠳ ᠣᠯᠠᠨ ᠶᠠᠩᠵᠤ ᠶᠢᠨ ᠬᠦᠷᠢᠶᠡᠨ ᠤ ᠠᠵᠤ ᠠᠬᠤᠶ ᠨᠢ ᠭᠠᠵᠠᠷ ᠰᠢᠷᠣᠶ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠣᠰᠬᠤᠨ ᠤ ᠠᠷᠠᠳ ᠤᠨ ᠬᠠᠷᠮᠠᠨ ᠢ ᠬᠥᠪᠴᠢᠯᠡᠵᠦ᠂ ᠲᠠᠷᠢᠶᠠᠴᠢᠨ ᠠᠶᠢᠯ ᠤᠨ ᠵᠢᠵᠢᠭ ᠬᠦᠷᠢᠶᠡᠯᠡᠩ ᠢ ᠭᠤᠶᠣ ᠰᠠᠶᠢᠬᠠᠨ ᠪᠣᠯᠭᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠠᠶ᠃      ᠤᠢᠢᠷ᠎ᠠ ᠶᠢᠨ ᠵᠢᠯ ᠠᠴᠠ᠂ ᠵᠠᠩ ᠭᠤᠤ ᠪᠠᠯᠭᠠᠰᠤ ᠶᠢᠨ ᠣᠷᠳᠣᠨ ᠴᠢ ᠳ᠋ᠤᠤ ᠭᠸᠤ ᠶᠢᠨ ᠦᠵᠦᠮ᠂ ᠯᠢ ᠽᠢ ᠵᠡᠷᠭᠡ ᠬᠦᠷᠢᠶᠡᠨ ᠤ ᠲᠠᠷᠢᠮᠠᠯ ᠢ ᠶᠡᠬᠡᠪᠡᠷ ᠲᠡᠳᠬᠦᠵᠦ᠂ ᠲᠡᠳᠡᠨ ᠳᠤ ᠲᠠᠰᠤᠷᠠᠯᠲᠠ ᠦᠭᠡᠢ ᠠᠷᠭ᠎ᠠ ᠤᠬᠠᠭᠠᠨ ᠭᠠᠷᠭᠠᠵᠤ᠂ ᠴᠢ ᠳ᠋ᠤᠤ ᠭᠸᠤ ᠶᠢᠨ ᠬᠦᠷᠢᠶᠡᠨ ᠤ ᠲᠡᠭᠦᠬᠦ ᠶᠢ ᠪᠦᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠨᠡᠩ ᠤᠯᠠᠨ ᠬᠥᠮᠦᠰ ᠲᠤ ᠤᠢᠢᠯᠠᠭᠠᠭᠤᠯᠵᠠᠢ ᠃ 2022 ᠣᠨ ᠳᠤ᠂ ᠴᠢ ᠳ᠋ᠤᠤ ᠭᠸᠤ ᠲᠣᠰᠬᠤᠨ ᠤ ᠬᠠᠮᠲᠤ ᠶᠢᠨ ᠠᠵᠤ ᠠᠬᠤᠢ ᠶᠢ ᠬᠡᠷᠡᠭᠯᠡᠨ ᠴᠢ ᠳ᠋ᠤᠤ ᠭᠸᠤ ᠲᠣᠰᠬᠤᠨ ᠤ ᠬᠦᠷᠢᠶᠡᠨ ᠤ ᠠᠵᠤ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠴᠢ ᠳ᠋ᠤᠤ ᠭᠸᠤ ᠲᠣᠰᠬᠤᠨ ᠤ ᠠᠷᠠᠳ ᠲᠤ 3000 ᠰᠠᠭᠤᠷᠢ ᠵᠤᠯᠵᠠᠭ᠎ᠠ ᠮᠣᠳᠣ ᠲᠦᠭᠡᠭᠡᠵᠦ᠂ ᠬᠦᠷᠢᠶᠡᠨ ᠤ ᠠᠵᠤ ᠠᠬᠤᠢ ᠶᠢᠨ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠵᠡᠢ᠃ ᠣᠳᠣᠬᠠᠨ ᠳᠤ ᠴᠢ ᠳ᠋ᠤᠤ ᠭᠸᠤ ᠲᠣᠰᠬᠤᠨ ᠤ 180 ᠭᠠᠷᠤᠢ ᠡᠷᠦᠬᠡ ᠰᠤᠯᠠ ᠪᠠᠶᠢᠬᠤ ᠬᠦᠷᠢᠶ᠎ᠡ ᠶᠢ ᠠᠰᠢᠭᠯᠠᠨ ᠯᠢᠽᠢ᠂ ᠦᠵᠦᠮ ᠲᠠᠷᠢᠵᠦ ᠬᠦᠷᠢᠶᠡᠨ ᠤ ᠠᠵᠤ ᠠᠬᠤᠢ ᠶᠢ ᠬᠥᠭᠵᠢᠭᠦᠯᠵᠦ᠂ ᠨᠢᠭᠡᠨᠲᠡ ᠵᠣᠬᠢᠬᠤ ᠬᠡᠪᠴᠢᠶ᠎ᠡ ᠲᠠᠢ ᠪᠣᠯᠵᠠᠢ᠃ ᠯᠢ ᠽᠢ ᠶᠢᠨ ᠵᠢᠯ ᠤᠨ ᠭᠠᠷᠤᠯᠲᠠ 20 ᠲᠦᠮᠡ ᠭᠠᠷᠤᠶ ᠵᠢᠩ ᠳᠤ ᠬᠦᠷᠴᠦ᠂ ᠦᠵᠦᠮ ᠤᠨ ᠵᠢᠯ ᠤᠨ ᠭᠠᠷᠤᠯᠲᠠ 7 ᠲᠦᠮᠡ ᠭᠠᠷᠤᠶ ᠵᠢᠩ ᠳᠤ ᠬᠦᠷᠴᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ 7000 ᠲᠥᠭᠦᠷᠢᠭ ᠲᠤ ᠬᠦᠷᠴᠡᠶ᠃ 2023 ᠣᠨ ᠳᠤ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠯᠦ ᠶᠣᠣ ᠲᠣᠰᠬᠤᠨ ᠤ ᠬᠦᠷᠢᠶᠡᠨ ᠳᠤ 4 ᠲᠣᠮᠣ ᠫᠤᠩ ᠰᠢᠨ᠎ᠡ ᠪᠠᠷ ᠪᠠᠶᠢᠭᠤᠯᠬᠤ ᠶᠢ ᠦᠷᠭᠦᠯᠵᠢᠯᠡᠨ ᠳᠡᠮᠵᠢᠵᠦ᠂ ᠪᠠᠯᠭᠠᠰᠤᠨ ᠤ ᠵᠢᠮᠢᠰ ᠲᠡᠭᠦᠬᠦ ᠠᠵᠤ ᠦᠢᠯᠡᠰ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠲᠡᠭᠦᠵᠦ ᠲᠡᠭᠦᠬᠦ ᠲᠣᠰᠬᠤᠨ ᠳᠤ ᠲᠦᠰᠢᠭᠯᠡᠨ᠂ ᠭᠡᠷ ᠪᠦᠯᠢ ᠶᠢᠨ ᠨᠡᠷᠡᠭᠰᠡᠨ ᠦᠵᠦᠮ ᠤᠨ ᠠᠷᠢᠬᠢ ᠪᠣᠯᠤᠨ ᠡᠯ᠎ᠡ ᠵᠦᠢᠯ ᠤᠨ ᠨᠤᠲᠤᠭ ᠤᠨ ᠭᠠᠷᠤᠯᠲᠠ ᠴᠤ ᠲᠠᠷᠢᠶᠠᠴᠢᠨ ᠠᠶᠢᠯ ᠤᠨ ᠵᠤᠭᠠᠴᠠᠯ ᠤᠨ ᠬᠤᠭᠤᠯᠠᠨ ᠰᠢᠷᠡᠭᠡᠨ ᠳᠤ ᠭᠠᠷᠴᠠᠢ᠃      ︽ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠨᠢ ᠪᠣᠳᠠᠰ ᠤᠨ ᠲᠠᠯ᠎ᠠ ᠪᠠᠷ ᠣᠷᠣᠯᠭ᠎ᠠ ᠪᠠᠨ ᠨᠡᠮᠡᠭᠳᠡᠭᠦᠯᠬᠦ ᠲᠡᠳᠦᠢ ᠪᠢᠰᠢ᠂ ᠨᠡᠩ ᠴᠤ ᠤᠯᠠᠨ ᠲᠦᠮᠡᠨ ᠤ ᠰᠡᠳᠬᠢᠯ ᠳᠤ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠣᠶᠢᠯᠠᠭᠠᠭᠳᠠᠬᠤᠨ ᠢ ᠦᠨᠳᠦᠰᠦᠯᠡᠭᠰᠡᠨ ᠶᠤᠮ᠂ ᠪᠢᠳᠡ ᠨᠢᠭᠡ ᠲᠣᠰᠬᠤᠨ ᠨᠢᠭᠡ ᠲᠦᠷᠦᠯ ᠤᠨ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠬᠦᠷᠢᠶᠡᠨ ᠤ ᠠᠵᠤ ᠠᠬᠤᠢ ᠪᠠᠷ ᠤᠯᠠᠨ ᠲᠦᠮᠡᠨ ᠤ ᠪᠠᠶᠠᠵᠢᠯ ᠤᠨ ︿ᠰᠢᠨ᠎ᠡ ᠬᠥᠳᠡᠯᠭᠡᠭᠦᠷ﹀᠎ ᠢ ᠬᠥᠭᠵᠢᠭᠡᠵᠦ᠂ ︿ᠵᠢᠵᠢᠭ ᠬᠦᠷᠢᠶᠡᠨ﹀᠎ ᠢ ᠶᠡᠭᠡ ᠦᠢᠯᠡᠰ ᠪᠦᠲᠦᠭᠡᠵᠦ᠂ ᠶᠡᠭᠡ ᠦᠢᠯᠡᠰ ᠪᠦᠲᠦᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾᠃ ᠭᠡᠵᠦ ᠵᠠᠩ ᠭᠤᠤ ᠪᠠᠯᠭᠠᠰᠤᠨ ᠤ ᠳᠠᠷᠤᠭ᠎ᠠ ᠭᠤᠤ ᠶᠠ ᠨᠠᠨ ᠬᠡᠯᠡᠪᠡ᠃      ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠬᠠᠰᠢᠶ᠎ᠠ᠂ ᠬᠥᠳᠡᠭᠡ ᠲᠣᠰᠬᠤᠨ ᠢ ᠶᠡᠭᠡ ᠪᠠᠷ ᠬᠥᠭᠵᠢᠭᠦᠯᠦᠨ ᠮᠠᠨᠳᠤᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠦᠷᠦ ᠶᠢᠨ ᠪᠤᠳᠤᠯᠭ᠎ᠠ ᠲᠠᠢ ᠨᠢᠭᠲᠠ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠲᠥᠯᠥᠪᠵᠢᠭᠦᠯᠬᠦ᠂ ᠡᠷᠦᠬᠡ ᠶᠢᠨ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠬᠥᠭᠵᠢᠯᠲᠡ ᠶᠢᠨ ᠵᠠᠭᠪᠤᠷ ᠢᠶᠠᠷ᠂ ᠵᠢᠵᠢᠭ ᠨᠣᠭᠤᠭ᠎ᠠ ᠶᠢᠨ ᠬᠦᠷᠢᠶᠡᠯᠡᠩ᠂ ᠵᠢᠵᠢᠭ ᠵᠢᠮᠢᠰ ᠤᠨ ᠬᠦᠷᠢᠶᠡᠯᠡᠩ᠂ ᠵᠢᠵᠢᠭ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠪᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠬᠦᠷᠢᠶᠡᠨ ᠤ ᠠᠵᠤ ᠠᠬᠤᠢ ᠶᠢ ᠦᠷᠭᠦᠯᠵᠢᠯᠡᠨ ᠰᠦᠪᠡᠭᠴᠢᠯᠡᠵᠦ᠂ ᠬᠦᠷᠢᠶᠡᠨ ᠤ ᠠᠵᠤ ᠠᠬᠤᠢ ᠶᠢ ᠦᠨᠡᠨᠬᠦ ᠬᠥᠳᠡᠭᠡ ᠲᠣᠰᠬᠤᠨ ᠤ ᠣᠷᠴᠢᠨ ᠲᠣᠭᠤᠷᠢᠨ ᠢ ᠭᠤᠶᠤᠵᠢᠭᠤᠯᠬᠤ ᠪᠠ ᠲᠣᠰᠬᠤᠨ ᠤ ᠠᠷᠠᠳ ᠤᠨ ᠭᠡᠷ ᠤᠨ ᠣᠷᠣᠯᠭ᠎ᠠ ᠶᠢ ᠨᠡᠮᠡᠭᠳᠡᠭᠦᠯᠬᠦ ᠲᠠᠢ ᠬᠠᠮᠲᠤᠪᠠᠷ ᠠᠰᠢᠭ ᠬᠦᠷᠲᠡᠭᠡᠨ᠎ᠡ᠃                                                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3