ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 14 ᠤ ᠡᠳᠦᠷ᠂ | ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠲᠦᠷᠦᠭᠦᠯᠡᠨ ᠬᠡᠰᠡᠭ ᠰᠢᠶᠠᠨ ᠤ ᠨᠠᠮ ᠤᠨ | ᠲᠥᠯᠥᠭᠡᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠰᠢᠶᠠᠨ ᠤ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠰᠢᠶᠠᠨ ᠤ ᠰᠠᠶᠢᠬᠤᠰᠤ ᠪᠠᠯᠭᠠᠰᠤᠨ ᠳᠤ | ᠭᠦᠨᠵᠡᠭᠡᠶᠢᠷᠡᠭᠦᠯᠦᠨ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ | ᠲᠣᠰᠬᠤᠨ ᠤ ᠵᠠᠰᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ | ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ | ᠪᠠᠶᠢᠴᠠᠭᠠᠨ ᠰᠤᠳᠤᠯᠬᠤ ᠶᠠᠪᠤᠴᠠ ᠳᠤ᠂ ᠲᠥᠯᠥᠭᠡᠯᠡᠭᠴᠢᠳ ᠪᠣᠯᠤᠨ ᠭᠡᠰᠢᠭᠦᠳ ᠲᠠᠷᠢᠶᠠᠨ ᠭᠠᠵᠠᠷ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠣᠯᠤᠨ ᠲᠠᠷᠢᠶᠠᠴᠢᠨ ᠡᠷᠦᠬᠡ ᠳᠤ ᠬᠦᠷᠴᠦ᠂ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠪᠠ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ | ᠬᠡᠯᠪᠡᠷᠢ ᠪᠠᠷ ᠰᠠᠶᠢᠬᠤᠰᠤ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠰᠠᠶᠢᠨ | ᠠᠷᠭ᠎ᠠ ᠬᠢᠳᠡᠯ᠂ ᠰᠠᠶᠢᠨ ᠲᠤᠷᠰᠢᠯᠭ᠎ᠠ ᠪᠣᠯᠤᠨ ᠣᠯᠤᠭᠰᠠᠨ ᠠᠮᠵᠢᠯᠲᠠ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠭᠵᠢᠯᠲᠡ᠂ ᠵᠠᠰᠠᠯᠲᠠ ᠶᠢ ᠴᠢᠨᠠᠭᠰᠢᠳᠠ ᠠᠬᠢᠭᠤᠯᠬᠤ ᠵᠢᠴᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠰᠠᠨᠠᠭᠤᠯᠭ᠎ᠠ | ᠳᠤᠷᠠᠳᠴᠠᠢ᠃ | ᠬᠤᠶᠢᠰᠢᠳᠠ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠶᠢᠨ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠯᠥᠭᠡᠯᠡᠭᠴᠢ ᠪᠣᠯᠤᠨ ᠭᠡᠰᠢᠭᠦᠨ ᠤ ᠡᠭᠦᠷᠭᠡ ᠴᠢᠳᠠᠪᠬᠢ ᠶᠢ ᠪᠠᠶᠢᠩᠭᠤᠵᠢᠭᠤᠯᠤᠨ | ᠰᠠᠶᠢᠲᠤᠷ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠴᠤᠭᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠨᠡᠩ ᠤᠯᠠᠨ ᠴᠢᠨᠠᠷ ᠰᠠᠶᠢᠲᠠᠢ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠤᠨ᠎ᠠ ᠭᠡᠵᠦ ᠲᠥᠯᠥᠭᠡᠯᠡᠭᠴᠢᠳ ᠪᠣᠯᠤᠨ ᠭᠡᠰᠢᠭᠦᠳ ᠢᠯᠡᠳᠬᠡᠵᠡᠭᠡᠪᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |