ᠮᠠᠨ ᠤ ᠰᠢᠶᠠᠨ 2023 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 13 ᠤ ᠡᠳᠦᠷ᠂ ᠮᠠᠨ ᠤ ᠰᠢᠶᠠᠨ ᠰᠢᠨ᠎ᠡ ᠵᠠᠭᠤᠨ ᠤ ᠠᠭᠤᠳᠠᠮ ᠲᠠᠯᠠᠪᠠᠶ ᠳᠤ 2023 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ︽ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠵᠢᠶᠤᠤ ᠴᠦᠨ ᠶᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠨᠢᠭᠡᠴᠡ ᠶᠢᠨ ᠬᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠵᠠᠷᠯᠠᠯ᠂ ︽ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠡᠯ᠎ᠡ ᠲᠦᠷᠦᠯ ᠤᠨ ᠤᠬᠠᠭᠤᠯᠭ᠎ᠠ  ᠶᠢᠨ ᠵᠦᠪᠯᠡᠯᠭᠡ ᠥᠭᠬᠦ ᠲᠠᠪᠴᠠᠩ ᠭᠠᠷᠭᠠᠵᠤ ᠤᠯᠠᠨ ᠲᠦᠮᠡᠨ ᠤ ᠵᠥᠪᠯᠡᠯᠭᠡ ᠥᠭᠬᠦ ᠶᠢ ᠬᠦᠯᠢᠶᠡᠵᠦ᠂ ᠤᠯᠠᠨ ᠬᠡᠯᠪᠡᠷᠢ᠂ ᠤᠯᠠᠨ ᠲᠠᠯ᠎ᠠ ᠠᠴᠠ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠡᠨᠡ ᠵᠢᠯ ᠤᠨ 9 ᠰᠠᠷ᠎ᠠ ᠪᠣᠯ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠪᠣᠯᠤᠨ᠎ᠠ᠂ 9 ᠰᠠᠷ᠎ᠠ ᠶᠢᠨ 11 ᠠᠴᠠ 17 ᠤ ᠡᠳᠦᠷ ᠪᠣᠯᠲᠠᠯ᠎ᠠ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭᠲᠣᠰ ᠤᠳᠠᠭᠠᠨ ᠤ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠯᠲᠠ ᠶᠢ 200 ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠢᠶᠠᠷ ᠲᠦᠷᠦᠭᠦᠯᠡᠭᠦᠯᠵᠦ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠡ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠰᠢᠶᠠᠨ ᠤ  ᠬᠤᠷᠢᠶ᠎ᠡ᠂ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠲᠤᠬᠢᠷᠠᠭᠤᠯᠤᠨ᠎ᠠ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠷ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠮᠰᠠᠷ ᠢ ᠳᠡᠭᠡᠭᠰᠢᠯᠡᠭᠦᠯᠬᠦ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠩ ᠾᠧ ᠰᠢᠶᠠᠨ ᠤ ᠤᠯᠠᠭᠠᠨᠮᠥ᠋ᠴᠢᠷ ᠤᠨ ᠬᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3