ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/9/16
     ᠣᠶᠢᠷ᠎ᠠ ᠶᠢᠨ ᠵᠢᠯ ᠳᠤ᠂ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠦᠳᠲᠡᠷ ᠲᠦᠷᠭᠡᠨ ᠰᠡᠷᠭᠦᠵᠦ᠂ ᠭᠠᠯ ᠤᠨ ᠠᠶᠤᠯ ᠤᠨ ᠲᠠᠰ ᠢ ᠢᠯᠡᠳᠲᠡ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠨᠢᠭᠡᠨᠲᠡ ᠣᠯᠠᠨ ᠡᠭᠦᠰᠬᠦ ᠬᠤᠭᠤᠴᠠᠭᠠᠨ ᠳᠤ ᠣᠷᠣᠪᠠ᠂ ᠣᠳᠣᠬᠠᠨ ᠤ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠤ ᠪᠠᠶᠢᠳᠠᠯ ᠳᠤ ᠴᠢᠭᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠵᠢᠴᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠭᠠᠯ ᠰᠡᠷᠭᠡᠶᠢᠯᠡᠬᠦ ᠬᠤᠯᠪᠣᠭᠳᠠᠯ ᠪᠥᠬᠦᠶ  ᠵᠦᠢᠯᠡᠰ ᠢ ᠡᠳᠦᠭᠡ ᠳᠣᠤᠷᠠᠬᠢ ᠮᠡᠲᠦ ᠵᠠᠷᠯᠠᠶ᠎ᠠ᠃    ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ    2023 ᠣᠨ ᠤ 9 ᠰᠠᠷ᠎ᠠ ᠶᠢᠨ 15 ᠤ ᠡᠳᠦᠷ ᠠᠴᠠ 2024 ᠣᠨ ᠤ 6 ᠰᠠᠷ᠎ᠠ ᠶᠢᠨ 15 ᠤ ᠡᠳᠦᠷ ᠪᠣᠯᠲᠠᠯ᠎ᠠ    ᠬᠤᠶᠠᠷ᠂ ᠭᠠᠯ ᠰᠡᠷᠭᠡᠶᠢᠯᠡᠬᠦ ᠬᠡᠪᠴᠢᠶ᠎ᠡ    ᠪᠥᠬᠦ ᠰᠢᠶᠠᠨ ᠤ ᠪᠣᠶ ᠪᠥᠬᠦᠶ ᠣᠶ ᠰᠢᠭᠤᠶ ᠨᠤᠲᠤᠭ ᠪᠡᠯᠴᠢᠭᠡᠷ ᠤᠨ ᠣᠷᠣᠨ ᠪᠦᠰᠡ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠦᠰᠡ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠦᠰᠡ ᠪᠣᠯᠤᠨ᠎ᠠ    ᠭᠤᠷᠪᠠ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ    ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠭᠠᠯ ᠰᠡᠷᠭᠡᠶᠢᠯᠡᠬᠦ ᠬᠤᠭᠤᠴᠠᠭᠠᠨ ᠳᠤ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠬᠡᠰᠡᠭ᠂ ᠭᠤᠤᠯᠳᠠᠯᠭ᠎ᠠ ᠲᠠᠢ ᠬᠡᠰᠡᠭ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂ ᠠᠵᠢᠯ ᠤᠨ ᠪᠠᠶᠢᠷᠢ ᠬᠠᠷᠠᠭᠤᠯ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠪᠥᠬᠦ ᠡᠳᠦᠷ ᠢᠶᠠᠷ ᠵᠢᠵᠢᠭᠦᠷᠯᠡᠨ ᠰᠠᠬᠢᠵᠤ᠂ ᠪᠥᠬᠦ ᠭᠠᠵᠠᠷ ᠣᠷᠣᠨ ᠢᠶᠠᠷ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃    ᠨᠢᠭᠡ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠵᠢᠭᠤᠯᠴᠢᠯᠠᠬᠤ ᠪᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠬᠤᠭᠤᠴᠠᠭᠠᠨ ᠳᠤ᠂ ᠵᠢᠭᠤᠯᠴᠢᠯᠠᠯ ᠤᠨ ᠲᠡᠷᠭᠡ ᠬᠥᠰᠬᠡ ᠪᠣᠯᠤᠨ ᠵᠢᠭᠤᠯᠴᠢᠯᠠᠭᠴᠢᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠣᠴᠢᠵᠤ ᠵᠢᠭᠤᠯᠴᠢᠯᠠᠬᠤ᠂ ᠬᠥᠬᠡᠷᠡᠭᠦᠯᠬᠦ ᠶᠢ ᠴᠢᠩᠭ᠎ᠠ ᠴᠠᠭᠠᠵᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠠᠲᠠᠷ ᠬᠠᠭᠠᠯᠪᠤᠷᠢᠯᠠᠨ ᠭᠤᠤᠷᠰᠤ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠠ ᠤᠢ ᠰᠢᠭᠤᠶ ᠶᠢᠨ ᠭᠠᠯ ᠤᠨ ᠠᠶᠤᠯ ᠢ ᠠᠮᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃    ᠬᠤᠶᠠᠷ ᠲᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠪᠤᠰᠤ ᠴᠢᠳᠠᠪᠤᠷᠢ ᠲᠠᠢ ᠬᠥᠮᠦᠨ ᠳᠤ ᠶᠠᠪᠤᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠳ ᠪᠠ ᠲᠡᠨᠡᠭ᠂ ᠮᠤᠩᠬᠠᠭ ᠵᠡᠷᠭᠡ ᠬᠥᠮᠦᠰ ᠲᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠦᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ ᠲᠡᠭᠦᠨ ᠤ ᠬᠢᠨᠠᠨ ᠬᠠᠮᠠᠭᠠᠯᠠᠭᠴᠢ ᠨᠢ ᠵᠣᠬᠢᠬᠤ ᠡᠷᠡᠭᠦᠤ ᠶᠢᠨ ᠬᠡᠷᠡᠭ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠢᠯᠦ ᠬᠦᠷᠦᠭᠰᠡᠦᠠ ᠢ ᠲᠡᠶᠢᠴᠢᠯᠡᠵᠦ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃    ᠭᠤᠷᠪᠠ ᠳᠤ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠨᠤᠭᠤᠳ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠬᠠᠤ᠂ ᠬᠠᠷᠢᠯᠴᠠᠨ ᠠᠪᠤᠷᠬᠠᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠥᠭᠦᠵᠦ ᠰᠢᠷᠬᠠᠲᠤᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠦᠷᠪᠡ ᠳᠤ᠂ ᠲᠦᠢᠮᠡᠷ ᠤᠨ ᠲᠦᠷᠦᠯ ᠤᠨ ᠭᠠᠯ ᠤᠨ ᠡᠬᠢ ᠶᠢᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠢᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠤ ᠡᠯ᠎ᠡ ᠭᠤᠤᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠬᠤ ᠶᠢᠨ ᠬᠠᠮᠲᠤ ᠠᠭᠤᠯᠠ ᠶᠢ ᠪᠢᠲᠡᠭᠦᠮᠵᠢᠯᠡᠨ ᠭᠠᠯ ᠢ ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠣᠯᠤᠨ ᠲᠡᠷᠭᠡ ᠬᠥᠰᠬᠡ ᠶᠢ ᠴᠢᠩᠭ᠎ᠠ ᠪᠠᠶᠢᠴᠠᠭᠠᠨ ᠳᠡᠩᠰᠡᠯᠡᠵᠦ᠂ ᠭᠠᠯ ᠤᠨ ᠦᠷ᠎ᠡ ᠠᠪᠴᠤ ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ ᠰᠠᠨᠠᠭᠤᠯᠬᠤ ᠫᠠᠶᠢᠰᠠ᠂ ᠰᠡᠷᠡᠮᠵᠢᠯᠡᠭᠦᠯᠬᠦ ᠫᠠᠶᠢᠰᠠ ᠪᠠᠶᠢᠭᠤᠯᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠰᠤᠪᠠᠭ ᠢ ᠴᠡᠪᠡᠷᠯᠡᠬᠦ᠂ ᠤᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃    ᠲᠠᠪᠤ ᠳᠤ᠂ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠯ ᠤᠨ ᠠᠶᠤᠯ ᠶᠡᠬᠡᠲᠡᠶ ᠣᠷᠣᠨ ᠳᠤ ᠤᠷᠤᠭᠰᠠᠨ ᠲᠡᠷᠭᠡ ᠪᠣᠯᠤᠨ ᠬᠤᠪᠢ ᠬᠥᠮᠦᠨ᠂ ᠡᠷᠬᠡᠪᠰᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠂ ᠵᠥᠪᠰᠢᠶᠡᠷᠡᠭᠰᠡᠨ ᠴᠠᠭ᠂ ᠭᠠᠵᠠᠷ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠵᠦ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠡᠪᠡᠰᠦ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ ᠪᠦᠬᠦᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠠᠯ ᠤᠨ ᠠᠶᠤᠯ ᠤᠨ ᠠᠶᠤᠯ ᠤᠨ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡ ᠨᠦᠭᠦᠳ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠷᠬᠡᠪᠰᠢ ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃    ᠵᠢᠷᠭᠤᠭ᠎ᠠ ᠳᠤ᠂ ᠴᠢᠩᠭ᠎ᠠ ᠰᠢᠳᠬᠡᠨ᠎ᠡ᠃ ᠵᠥᠪᠰᠢᠶᠡᠷᠡᠯ ᠠᠪᠤᠭᠰᠠᠨ ᠥᠬᠡᠶ ᠪᠠᠷ ᠳᠤᠷ᠎ᠠ ᠪᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠤᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠳᠣᠩᠭᠤᠳᠬᠤ ᠪᠥᠭᠡᠳ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠠᠳᠡᠯ ᠠᠴᠠ ᠪᠤᠯᠵᠤ ᠤᠢ ᠰᠢᠭᠤᠶ ᠳᠤ ᠭᠠᠯ ᠭᠠᠷᠤᠭᠰᠠᠨ᠂ ᠬᠡᠲᠦᠷᠡᠭᠦᠯᠦᠭᠰᠡᠨ ᠣᠶᠢᠲᠤ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ ᠪᠤᠶᠤ ᠬᠡᠲᠦᠷᠡᠭᠦᠯᠦᠭᠰᠡᠨ ᠰᠡᠶᠢᠷᠡᠭ ᠣᠶᠢᠲᠤ ᠭᠠᠵᠠᠷ᠂ ᠪᠤᠳᠠ ᠮᠣᠳᠣᠨ ᠤ ᠣᠶᠢᠲᠤ ᠭᠠᠵᠠᠷ᠂ ᠪᠤᠶᠢᠵᠢᠭᠠᠳᠤᠶ ᠣᠶᠢᠵᠢᠭᠤᠯᠤᠭᠰᠠᠨ ᠭᠠᠵᠠᠷ ᠨᠢ 4 ᠾᠧᠺᠲ᠋ᠠᠷ ᠠᠴᠠ ᠳᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ 115 ᠳ᠋ᠤᠭᠠᠷ ᠵᠦᠢᠯ ᠤᠨ 2 ᠳ᠋ᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃    ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠮᠡᠳᠡᠭᠡ ᠶᠢᠨ ᠤᠲᠠᠰᠤ᠄ 12119                 ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                       2023 ᠣᠨ ᠤ 9 ᠰᠠᠷ᠎ᠠ ᠶᠢᠨ 11 ᠤ ᠡᠳᠦᠷ                                    ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3