ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/16
      9 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠤᠨᠤᠯ ᠤᠨ ᠭᠤᠣᠯ ᠳᠤᠭᠤᠶᠢᠯᠠᠩ 2023 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠬᠤᠷᠠᠯ ᠢ ᠡᠷᠬᠢᠯᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠠᠷᠪᠠᠳᠤᠭᠠᠷ ᠭᠠᠵᠠᠷ ᠤᠨ ᠳᠡᠳ᠋ ᠳᠠᠷᠤᠭ᠎ᠠ ᠱᠤᠨ ᠱᠤ᠋ ᠢᠦᠶ ᠨᠥᠬᠦᠷ ᠢ ᠤᠷᠢᠵᠤ ︽ᠱᠠᠰᠢᠨ ᠰᠤᠷᠲᠠᠬᠤᠨ ᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠵᠤ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠡᠷᠡᠭᠲᠡᠶ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠵᠦ᠂ ᠳᠡᠯᠡᠬᠡᠶ ᠶᠢᠨ ᠪᠠ ᠮᠠᠨ ᠤ ᠤᠯᠤᠰ ᠤᠨ ᠱᠠᠰᠢᠨ ᠰᠤᠷᠲᠠᠬᠤᠨ ᠤ ᠬᠦᠷᠢᠶᠡᠨ ᠳᠠᠬᠢ ᠪᠠᠶᠢᠳᠠᠯ ᠤᠨ ᠲᠣᠭᠤᠷᠢᠨ ᠳᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠵᠢᠴᠢ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠵᠡᠷᠭᠡ ᠬᠡᠳᠦᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠦ᠂ ᠡᠭᠦᠨ ᠤ ᠵᠡᠷᠭᠡ ᠳᠤ ᠲᠤᠰ ᠪᠡᠶ᠎ᠡ ᠶᠢᠨ ᠰᠤᠷᠤᠯᠴᠠᠨ ᠰᠤᠳᠤᠯᠤᠭᠰᠠᠨ ᠲᠤᠷᠰᠢᠯᠭ᠎ᠠ ᠲᠠᠢ ᠪᠠᠨ ᠤᠶᠠᠯᠳᠤᠭᠤᠯᠤᠨ ᠂ ᠣᠨᠣᠯ ᠤᠨ ᠵᠠᠳᠠᠯᠤᠯᠲᠠ᠂ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ ᠣᠯᠠᠨ ᠳᠤ ᠭᠦᠨᠵᠡᠭᠡᠶ ᠪᠥᠭᠡᠳ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠂ ᠡᠭᠦᠨ ᠳᠤ ᠣᠨᠣᠯ ᠤᠨ ᠲᠠᠯ᠎ᠠ ᠶᠢᠨ ᠬᠤᠷᠢᠶᠠᠩᠭᠤᠶᠢᠯᠠᠯ ᠪᠠᠶᠢᠬᠤ ᠪᠥᠭᠡᠳ ᠦᠢᠯᠡᠳᠦᠯᠭᠡ ᠶᠢᠨ ᠲᠠᠯ᠎ᠠ ᠶᠢᠨ ᠵᠢᠯᠣᠭᠤᠳᠣᠯᠭ᠎ᠠ ᠴᠤ ᠪᠠᠶᠢᠨ᠎ᠠ᠂ ᠡᠨᠡ ᠨᠢ ᠰᠢ ᠶᠢᠨ ᠫᠢᠩ ᠶᠡᠷᠦᠩᠬᠡᠶ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠡᠵᠡᠮᠰᠢᠨ ᠣᠶᠢᠯᠠᠭᠠᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠠᠷᠢᠬᠢ ᠲᠣᠯᠣᠭᠠᠢ ᠰᠡᠷᠭᠡᠭ ᠪᠥᠭᠡᠳ ᠪᠣᠯᠭᠤᠮᠵᠢᠲᠠᠢ ᠣᠪᠣᠷ ᠢᠶᠠᠨ ᠴᠠᠭ ᠢᠮᠠᠭᠲᠠ ᠪᠠᠷᠢᠮᠲᠠᠯᠠᠵᠤ᠂ ᠱᠠᠰᠢᠨ ᠰᠤᠷᠲᠠᠬᠤᠨ ᠤ ᠠᠵᠢᠯ ᠤᠨ ᠪᠦᠬᠦ ᠲᠠᠯ᠎ᠠ ᠶᠢᠨ ᠴᠢᠨᠠᠷ᠂ ᠴᠢᠬᠤᠯᠠ ᠴᠢᠨᠠᠷ ᠢ ᠡᠵᠡᠮᠳᠡᠬᠦ ᠴᠢᠳᠠᠪᠤᠷᠢ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠬᠦ ᠴᠢᠳᠠᠪᠤᠷᠢ᠂ ᠨᠠᠷᠢᠨ ᠪᠤᠳᠤᠯᠢᠶᠠᠨᠲᠠᠢ ᠱᠠᠰᠢᠨ ᠰᠤᠷᠲᠠᠬᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ ᠴᠢᠷᠮᠠᠶᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠤᠳᠤᠷᠢᠳᠴᠤ᠂ ᠰᠢᠭᠦᠬᠦ  ᠬᠤᠷᠢᠶ᠎ᠡ᠂ ᠪᠠᠶᠢᠴᠠᠭᠠᠬᠤ ᠬᠤᠷᠢᠶ᠎ᠡ ᠶᠢᠨ ᠬᠤᠶᠠᠷ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3