︽ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/18
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄      ᠡᠳᠦᠭᠡ ︽ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠶ᠃                              ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ                                  2023 ᠣᠨ ᠤ 9 ᠰᠠᠷ᠎ᠠ ᠶᠢᠨ 18᠎ ᠤ ᠡᠳᠦᠷ      ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ      ᠴᠠᠭ ᠠᠭᠤᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠳᠤ ᠦᠢᠯᠡᠴᠢᠯᠡᠵᠦ᠂ ᠮᠠᠨ ᠤ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶᠎ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2022 ︺ 11 ᠳ᠋ᠦᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2021 ︺ 16 ᠳ᠋ᠤᠭᠠᠷ ᠲᠣᠭᠠᠲᠤ︶ ᠪᠠ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠲᠠᠷᠬᠠᠭᠠᠭᠰᠠᠨ ︹ 2022 ︺ 100 ᠳ᠋ᠤᠭᠠᠷ ᠲᠣᠭᠠᠲᠤ︶ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠪᠠ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠣᠨᠣᠪᠴᠢᠲᠠᠢ᠂ ᠦᠢᠯᠡᠴᠢᠯᠡᠭᠡ ᠨᠢ ᠨᠠᠷᠢᠯᠢᠭ ᠪᠠᠶᠢᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ ᠰᠢᠩ ᠡᡁᠧ ᠰᠢᠶᠠᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠪᠠᠲᠤ ᠪᠠᠬᠢ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃      ︵ᠬᠤᠶᠠᠷ︶ ᠬᠥᠭᠵᠢᠯᠲᠡ ᠶᠢᠨ ᠬᠠᠷᠠᠯᠲᠠ᠃ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠪᠦᠷᠢᠨ ᠲᠡᠭᠦᠯᠳᠡᠷ᠂ ᠴᠢᠳᠠᠮᠵᠢ ᠲᠡᠷᠢᠭᠦᠨ ᠤ᠂ ᠪᠠᠲᠤᠯᠠᠭ᠎ᠠ ᠬᠦᠴᠦᠨ ᠪᠥᠬᠦᠶ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠳᠤ ᠲᠦᠷᠦᠭᠦᠯᠡᠵᠦ᠂ ᠴᠠᠭ ᠠᠭᠤᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠢᠯᠡ ᠲᠣᠳᠣ ᠣᠨᠴᠠᠯᠢᠭ ᠲᠠᠢ᠂ ᠲᠡᠷᠢᠭᠦᠨ ᠤ ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃      ᠬᠤᠶᠠᠷ᠂ ᠭᠤᠣᠯ ᠠᠷᠭ᠎ᠠ ᠬᠡᠮᠵᠢᠶ᠎ᠡ      ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ     1 . ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠶᠠᠨ ᠰᠢᠶᠠᠩ ᠬᠤᠶᠠᠷ ᠱᠠᠲᠤᠨ ᠤ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠨᠡᠶᠢᠭᠡᠮ ᠤᠨ ᠬᠢᠨ ᠣᠷᠣᠯᠴᠠᠬᠤ︾ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳᠯᠡᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠠᠵᠢᠯ ᠦᠢᠯᠡᠳᠪᠦᠷᠢᠯᠡᠯ ᠢᠶᠠᠨ ᠵᠣᠭᠰᠣᠭᠠᠬᠤ ᠬᠢᠴᠢᠶᠡᠯ ᠢᠶᠠᠨ ᠵᠣᠭᠰᠣᠭᠠᠬᠤ ᠠᠵᠢᠯᠯᠠᠬᠤ ᠪᠠᠨ ᠵᠣᠭᠰᠣᠭᠠᠬᠤ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠶ᠃      ᠲᠦᠷᠦᠭᠦᠯᠡᠨ ᠬᠢᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄  ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ᠃      2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠢᠢᠳᠪᠦᠷᠢᠯᠡᠬᠦ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠪᠦᠬᠦ ᠰᠢᠶᠠᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ︽ᠰᠢᠩ ᠾᠧ ᠰᠢᠶᠠᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ      3. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ  ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠲᠣᠣᠷ ᠢ ᠲᠡᠭᠦᠯᠳᠡᠷᠵᠢᠭᠦᠯᠦᠨ᠎ᠡ᠃ ᠰᠢᠶᠠᠨ ᠰᠢᠶᠠᠩ ᠬᠤᠶᠠᠷ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠵᠦ᠂ ᠤᠯᠤᠰ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠠᠯᠠᠭ᠎ᠠ ᠮᠥᠴᠢᠷ ᠤᠨ ᠬᠤᠭᠤᠷᠣᠨᠳᠣᠬᠢ ᠵᠥᠭᠡᠯᠡᠨ ᠬᠠᠲᠠᠭᠤ ᠬᠡᠷᠡᠭᠰᠡᠯ ᠲᠠᠢ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠲᠠᠬᠢᠨ ᠤᠯᠠᠮᠵᠢᠯᠠᠨ ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠪᠠ ᠪᠦᠬᠦ ᠰᠦᠯᠵᠢᠶᠡᠨ ᠳᠤ ᠰᠦᠢᠳᠬᠡᠯ ᠬᠤᠷᠢᠶᠠᠬᠤ ᠦᠭᠡᠢ ᠪᠠᠷ ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠣᠰᠬᠤᠨ ︵ᠨᠡᠶᠢᠭᠡᠮ ᠲᠣᠭᠤᠷᠢᠭ︶᠎ ᠤ ᠡᠷᠦᠬᠡ ᠬᠥᠮᠦᠨ ᠪᠦᠷᠢ ᠳᠤ ᠬᠦᠷᠲᠡᠯ᠎ᠡ ᠨᠡᠶᠢᠲᠡᠯᠡᠬᠦ ᠶᠢ ᠠᠬᠢᠭᠤᠯᠤᠨ᠎ᠠ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠰᠢᠶᠠᠩ ᠪᠠᠯᠭᠠᠰᠤ      ︵ᠬᠤᠶᠠᠷ︶ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ  ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ      4. ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ︾᠎ ᠶᠢᠨ ᠰᠢᠰᠲ᠋ᠧᠮ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠤᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠲᠣᠤᠷ ᠢ ᠬᠠᠮᠲᠤᠷᠠᠨ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠶ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠦᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ      5. ᠰᠤᠮᠤᠨ ᠠᠭᠤᠯᠠ᠂  ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠠᠭ ᠠᠭᠤᠷ ᠤᠨ  ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ᠃  ᠰᠤᠮᠤᠨ ᠠᠭᠤᠯᠠ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠣᠠᠠᠴᠠᠵᠢᠭᠤᠯᠥᠠᠠᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠶᠢᠨ ᠲᠣᠤᠷ ᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠶᠠᠰᠤ ᠴᠢᠨᠠᠷ ᠪᠠ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠴᠠᠭ ᠠᠭᠤᠷ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠤᠭᠤᠯᠠᠶ      ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ      6. ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠤᠯᠬᠤ ᠳᠤ ᠰᠢᠨᠵᠢᠯᠡᠬᠦ ᠤᠬᠠᠭᠠᠨᠴᠢ ᠪᠠᠷ ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠨᠠᠷᠢᠯᠢᠬᠵᠢᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠦᠷᠢᠯᠳᠦᠯ ᠤᠨ ᠵᠢᠮ᠎ᠡ ᠶᠣᠰᠣ ᠵᠢᠴᠢ ᠵᠠᠰᠠᠬᠤ ᠠᠷᠭ᠎ᠠ ᠬᠡᠮᠵᠢᠶ᠎ᠡ ᠶᠢᠨ ᠰᠤᠳᠤᠯᠤᠯ ᠢ ᠥᠷᠨᠢᠭᠦᠯᠵᠦ᠂ ᠣᠷᠴᠢᠨ ᠲᠣᠭᠤᠷᠢᠨ ᠤ ᠠᠰᠠᠭᠤᠳᠠᠯ ᠢ ᠵᠠᠰᠠᠬᠤ ᠳᠤᠮᠳᠠᠬᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠤᠷᠢᠳᠠᠴᠢ ᠦᠢᠯᠡᠳᠦᠯ ᠢ ᠪᠠᠳᠠᠷᠠᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ      7᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠠ ᠲᠦᠢᠯ ᠤᠨ ᠠᠭᠤᠷ ᠠᠮᠢᠰᠬᠤᠯ ᠤᠨ ᠬᠡᠷᠡᠭ ᠢ ᠦᠨᠡᠯᠡᠨ ᠵᠢᠱᠢᠬᠦ ᠶᠢ ᠴᠢᠩᠭᠠᠳᠬᠠᠵᠤ᠂ ᠰᠢᠩ ᠾᠧ ᠰᠢᠶᠠᠨ ᠤ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠤᠨᠴᠠᠯᠢᠭᠳᠤ ᠭᠦᠢᠴᠡᠳᠬᠡᠬᠦ ᠲᠤᠭ᠎ᠠ ᠶᠢᠨ ᠰᠤᠳᠤᠯᠭᠠᠨ ᠢ ᠥᠷᠨᠢᠭᠦᠯᠦᠨ᠎ᠡ᠃ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠠᠭᠤᠷ ᠠᠮᠢᠰᠬᠤᠯ ᠤᠨ ᠳᠠᠭᠠᠭᠠᠴᠠ ᠶᠢ ᠦᠨᠡᠯᠡᠨ ᠵᠢᠱᠢᠬᠦ ᠦᠢᠯᠡᠴᠢᠯᠡᠭᠡ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠠᠵᠤ ᠦᠢᠯᠡᠴᠢᠯᠡᠭᠡ ᠤᠨ ᠪᠠᠶᠢᠷᠢᠰᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠵᠦ ᠦᠨᠡᠯᠡᠨ ᠵᠢᠱᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠬᠢᠨ ᠴᠠᠬᠢᠯᠭᠠᠨ ᠤ ᠴᠢᠳᠠᠯ ᠪᠠ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠬᠡᠷᠡᠭᠯᠡᠯᠲᠡ ᠶᠢ ᠥᠷᠨᠢᠭᠦᠯᠵᠦ᠂ ᠰᠠᠯᠬᠢᠨ ᠡᠨᠧᠷᠭᠢ ᠶᠢᠨ ᠨᠡᠷᠡᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠲᠥᠯᠥᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠵᠡᠷᠭᠡ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯᠲᠠ ᠶᠢ ᠲᠦᠯᠬᠢᠨ ᠠᠬᠢᠭᠤᠯᠤᠨ᠎ᠠ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂      ᠡᠯ᠎ᠡ ᠰᠢᠶᠠᠩ ᠪᠠᠯᠭᠠᠰᠤ      ︵ᠭᠤᠷᠪᠠ︶ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠪᠣᠯᠤᠨ ᠠᠭᠤᠷ ᠠᠮᠢᠰᠬᠤᠯ ᠤᠨ ᠡᠬᠢ ᠪᠠᠶᠠᠯᠢᠭ ᠴᠠᠭ ᠠᠭᠤᠷ ᠤᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠪᠠ      8᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡᠨ ᠤ ᠴᠢᠳᠠᠪᠤᠷᠢ ᠶᠢ ᠰᠢᠶᠠᠩ ᠪᠠᠯᠭᠠᠰᠤᠨ ᠳᠤ ᠬᠦᠷᠬᠦ ᠴᠠᠭ ᠠᠭᠤᠷ ᠤᠨ ᠭᠠᠮᠰᠢᠭ ᠵᠢᠴᠢ ᠳᠤᠮᠳᠠ ᠵᠢᠵᠢᠭ ᠭᠤᠣᠯ ᠮᠥᠷᠡᠨ ᠤ ᠦᠶᠡᠷ ᠤᠨ ᠤᠰᠤ᠂ ᠠᠭᠤᠯᠠᠨ ᠦᠶᠡᠷ ᠪᠠ ᠭᠠᠵᠠᠷ ᠤᠨ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ᠂ ᠠᠮᠤᠷ ᠲᠠᠶᠢᠪᠤᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃  ᠰᠤᠮᠤᠨ ᠠᠭᠤᠯᠠ ᠶᠢᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ ᠢ ᠡᠭᠦᠳᠴᠦ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾᠎ ᠶᠢᠨ ᠠᠭᠤᠷ ᠠᠮᠢᠰᠬᠤᠯ ᠤᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠭᠳᠤ ᠲᠡᠵᠢᠭᠡᠨ ᠦᠷᠡᠵᠢᠭᠦᠯᠬᠦ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ     9 . ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠣᠷᠭᠠᠨᠢᠭ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ᠂ ᠳᠡᠭᠡᠰᠦ ᠲᠡᠰ ᠤᠨ ᠮᠠᠯ ᠠᠵᠤ ᠠᠬᠤᠢ᠂ ᠣᠨᠴᠠᠯᠢᠭᠲᠤ ᠠᠮᠢ ᠠᠬᠤᠢ ᠶᠢᠨ ᠠᠵᠤ ᠦᠢᠯᠡᠰ ᠲᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠷᠢᠯᠢᠭᠵᠢᠭᠤᠯᠤᠭᠰᠠᠨ᠂ ᠲᠣᠭᠲᠠᠭᠠᠭᠰᠠᠨ᠂ ᠰᠢᠭᠤᠳ ᠨᠡᠪᠲᠡᠷᠡᠬᠦ ᠮᠠᠶ ᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠲᠤᠰᠬᠠᠶ ᠠᠵᠢᠯ ᠤᠨ ᠴᠠᠭ ᠠᠭᠤᠷ ᠤᠨ ᠦᠢᠯᠡᠴᠢᠯᠡᠭᠡᠨ ᠤ  ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠲᠥᠮᠥᠰᠥ᠂ ᠨᠣᠬᠠᠶ ᠶᠢᠨ ᠬᠤᠰᠢᠭᠤ ᠵᠡᠷᠭᠡ ᠣᠨᠴᠠᠯᠢᠭᠲᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠴᠠᠭ ᠠᠭᠤᠷ ᠤᠨ ᠨᠥᠬᠦᠴᠡᠯ ᠤᠨ ᠲᠦᠬᠦᠭᠡᠷᠦᠮᠵᠢᠲᠦ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ     ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ      ︵ᠲᠥᠷᠪᠡ︶  ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠣᠷ ᠠᠴᠠ ᠵᠠᠶᠢᠯᠠᠬᠤ ᠦᠢᠯᠡᠴᠢᠯᠡᠭᠡᠨ ᠤ ᠦᠷ᠎ᠡ ᠠᠰᠢᠭ ᠢ ᠪᠠᠳᠠᠷᠠᠭᠤᠯᠤᠨ᠎ᠠ      10. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠶ ᠪᠠᠷ ᠠᠵᠢᠯᠯᠠᠬᠤ ᠶᠢ ᠪᠠᠷᠢᠮᠲᠠᠯᠠᠨ᠎ᠠ᠃ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠥᠷᠲᠡᠭᠡ ᠴᠢᠬ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠ ᠲᠥᠷᠥᠯ ᠤᠨ ᠠᠵᠢᠭᠯᠠᠯᠲᠠ᠂ ᠳᠠᠭᠠᠭᠤᠯᠢ ᠣᠲᠣ ᠪᠠ ᠠᠦ᠋ᠲ᠋ᠣ᠋ ᠴᠠᠭ ᠠᠭᠤᠷ ᠤᠨ ᠥᠷᠲᠡᠭᠡ ᠵᠡᠷᠭᠡ ᠴᠠᠭ ᠲᠤᠬᠠᠶ ᠳᠤᠨᠢ ᠬᠠᠶᠢᠨ ᠬᠡᠮᠵᠢᠭᠰᠡᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ ᠭᠦᠢᠴᠡᠳᠭᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠬᠤᠭᠤᠰᠣᠨ ᠭᠠᠵᠠᠷ ᠢ ᠨᠢᠭᠡ ᠴᠤᠭᠴᠠᠵᠢᠭᠤᠯᠤᠨ ᠬᠠᠮᠲᠤᠷᠠᠨ ᠠᠵᠢᠯᠯᠠᠬᠤ ᠪᠠ ᠠᠮᠢ ᠠᠬᠤᠶ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ︵ᠴᠠᠰᠤ︶᠎ ᠢ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠵᠡᠷᠭᠡ ᠶᠢ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃      ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ      11. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠢᠯᠯᠠᠬᠤ ᠴᠢᠬ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ ᠤᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠥᠷᠲᠡᠭᠡ ᠴᠢᠬ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ᠬᠠᠮᠵᠢᠯᠴᠠᠬᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ        ︵ᠲᠠᠪᠤ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      12. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶ ᠵᠦᠢᠯ ᠤᠨ ᠴᠠᠭ ᠠᠭᠤᠷ ᠤᠨ  ᠦᠢᠯᠡᠴᠢᠯᠡᠭᠡ ᠶᠢ ᠴᠢᠩᠭᠠᠳᠬᠠᠨ᠎ᠠ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠵᠠᠮ ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠲᠣᠣᠷ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠶ ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠶᠡᠭᠡ ᠰᠠᠯᠬᠢ᠂ ᠮᠥᠰᠥ ᠬᠤᠴᠢᠬᠤ᠂ ᠳᠣᠤᠷ᠎ᠠ ᠳᠤᠯᠠᠭᠠᠨ ᠮᠥᠰᠥ ᠬᠥᠯᠳᠡᠬᠦ ᠵᠡᠷᠭᠡ ᠴᠠᠭ ᠠᠭᠤᠷ ᠤᠨ ᠭᠠᠶ ᠭᠠᠮᠰᠢᠭ ᠢ ᠨᠥᠯᠥᠭᠡᠯᠡᠬᠦ ᠲᠦᠭᠰᠢᠭᠦᠷᠢ ᠶᠢᠨ ᠭᠦᠢᠴᠡᠳᠭᠡᠯ ᠲᠤᠭ᠎ᠠ ᠶᠢᠨ ᠰᠢᠰᠲ᠋ᠧᠮᠵᠢ ᠪᠠ ᠭᠠᠮᠰᠢᠭ ᠡᠭᠦᠰᠭᠡᠬᠦ ᠬᠡᠪᠴᠢᠶ᠎ᠡ ᠶᠢ ᠪᠠᠶᠢᠭᠤᠯᠤᠨ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ  ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠪᠥᠬᠦ ᠶᠠᠪᠤᠴᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠠᠭ ᠠᠭᠤᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠨᠧᠷᠭᠢ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠡᠯ᠎ᠡ ᠰᠢᠶᠠᠩ ᠪᠠᠯᠭᠠᠰᠤ      13. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠴᠠᠭ ᠠᠭᠤᠷ ᠢ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ ᠠᠷᠢᠯᠭᠠᠬᠤ ᠵᠡᠷᠭᠡ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠠ᠃ ᠬᠤᠲᠠ ᠪᠠᠯᠭᠠᠰᠤᠨ ᠤ ᠤᠰᠤᠲᠤᠯ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠲᠠ ᠪᠠᠯᠭᠠᠰᠤᠨ ᠤ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠴᠠᠭ ᠠᠭᠤᠷ ᠤᠨ ᠦᠢᠯᠡᠴᠢᠯᠡᠭᠡ ᠶᠢ ᠤᠶᠤᠨᠲᠤ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠠᠭᠤᠰᠬᠠᠨ ᠣᠷᠣᠭᠤᠯᠤᠨ᠎ᠠ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ      14. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ ᠰᠢᠩ ᠾᠧ ᠰᠢᠶᠠᠨ ᠤ ᠴᠠᠭ ᠠᠭᠤᠷ ᠤᠨ ᠭᠤᠣᠯ ᠰᠡᠳᠦᠪᠲᠦ ᠴᠡᠴᠡᠷᠯᠢᠭ ᠢ ᠪᠦᠳᠦᠭᠡᠨ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷᠰᠢᠮᠠᠲᠠᠭᠠᠶ ᠴᠢᠨᠠᠷ᠂ ᠬᠠᠯᠳᠠᠪᠤᠷᠢᠲᠤ ᠴᠢᠨᠠᠷ ᠬᠢᠭᠡᠳ ᠴᠠᠭ ᠠᠭᠤᠷ ᠤᠨ ᠪᠠᠺᠲ᠋ᠧᠷᠢ ᠤᠨ ᠬᠠᠷᠢᠯᠴᠠᠨ ᠬᠤᠯᠪᠣᠭᠳᠠᠬᠤ ᠴᠢᠨᠠᠷ ᠤᠨ ᠰᠤᠳᠤᠯᠭᠠᠨ ᠢ ᠥᠷᠨᠢᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠴᠠᠭ ᠠᠭᠤᠷ ᠤᠨ ᠲᠦᠭᠰᠢᠭᠦᠷᠢ ᠶᠢᠨ ᠦᠢᠯᠡᠴᠢᠯᠡᠭᠡ ᠪᠠ ᠦᠷ᠎ᠡ ᠠᠰᠢᠭ ᠤᠨ ᠦᠨᠡᠯᠡᠨ ᠵᠢᠱᠢᠯᠲᠡ ᠶᠢ ᠰᠦᠪᠡᠭᠴᠢᠯᠡᠨ᠎ᠡ᠃ ᠠᠷᠠᠳ ᠤᠯᠠᠨ ᠤ ᠠᠮᠢᠳᠤᠷᠠᠯ ᠤᠨ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠨᠠᠷᠢᠯᠢᠬᠵᠢᠭᠤᠯᠤᠭᠰᠠᠨ ᠬᠡᠷᠡᠭᠴᠡᠭᠡ ᠶᠢ ᠬᠠᠩᠭᠠᠬᠤ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶ᠎ᠡ      ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠢᠶᠠᠩ ᠪᠠᠯᠭᠠᠰᠤ      ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ      15. ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠷᠠᠭᠤᠯᠤᠨ᠎ᠠ᠃ ᠨᠡᠶᠢᠭᠡᠮ ᠤᠨ ᠬᠡᠷᠡᠭᠴᠡᠭᠡ ᠪᠠ ᠴᠠᠭ ᠠᠭᠤᠷ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠪᠠᠷ ᠵᠣᠭᠰᠣᠴᠠ ᠪᠣᠯᠭᠠᠵᠤ᠂ ᠬᠡᠷᠡᠭᠯᠡᠭᠡᠨ ᠤ ᠴᠠᠭ ᠠᠭᠤᠷ ᠤᠨ ᠰᠠᠭᠤᠷᠢ ᠰᠤᠳᠤᠯᠭᠠᠨ ᠪᠠ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠭᠠᠨ ᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ᠃ ᠠᠮᠢ ᠠᠬᠤᠶ ᠶᠢᠨ ᠴᠠᠭ ᠠᠭᠤᠷ᠂ ᠳᠠᠭᠠᠭᠤᠯᠢ ᠤᠳᠤᠨ ᠤ ᠠᠯᠤᠰ ᠰᠡᠷᠡᠯᠲᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ᠂ ︽ᠴᠠᠭ ᠠᠭᠤᠷ + ᠠᠵᠢᠯ ᠲᠦᠷᠦᠯ︾᠎ ᠤᠨ ᠦᠢᠯᠡᠴᠢᠯᠡᠭᠡᠨ ᠤ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      16. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠶᠢ ᠬᠠᠮᠲᠤᠷᠠᠨ ᠰᠢᠪᠲᠤᠯᠵᠤ᠂ ︽ᠲᠠᠯ᠎ᠠ ᠨᠤᠲᠤᠭ ᠤᠨ ᠡᠭᠦᠯᠡᠨ ᠬᠥᠨᠳᠡᠶ︾᠎ ᠶᠢᠨ ᠲᠣᠮᠣ ᠳ᠋ᠠᠶᠢᠲ᠋ᠠ ᠳᠤ ᠲᠦᠰᠢᠭᠯᠡᠨ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ︵ᠲᠤᠯᠤᠭ᠎ᠠ︶  ᠴᠠᠭ ᠠᠭᠤᠷ ᠤᠨ ᠲᠤᠬᠠᠶᠢᠯᠠᠭᠰᠠᠨ ᠠᠵᠢᠯ ᠤᠨ  ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      17. ᠭᠤᠤᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠤᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ᠂ ᠲᠠᠷᠢᠶᠠᠯᠠᠩ᠂ ᠨᠤᠲᠤᠭ ᠪᠡᠯᠴᠢᠭᠡᠷ᠂ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠢ ᠠᠵᠢᠭᠯᠠᠨ ᠬᠡᠮᠵᠢᠬᠦ ᠲᠤᠰᠬᠠᠶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠷᠲᠡᠭᠡᠨ ᠤ ᠬᠤᠭᠤᠷᠣᠨᠳᠣᠬᠢ ᠳᠤᠮᠳᠠᠴᠢ ᠵᠠᠶ ᠶᠢ 10 ᠺᠢᠯᠣᠮᠧᠲᠷ ᠣᠷᠴᠢᠮ ᠳᠤ ᠬᠦᠷᠭᠡᠨ᠎ᠡ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤ      18. ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠲᠥᠰᠦᠭᠡᠯᠡᠬᠦ ᠶᠢᠨ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠲᠤᠭ᠎ᠠ ᠬᠡᠮᠵᠢᠭᠳᠡᠯ ᠢ ᠤᠷᠢᠳᠴᠢᠯᠠᠨ ᠮᠡᠳᠡᠭᠡᠯᠡᠬᠦ ᠪᠠᠷ ᠭᠤᠤᠯ ᠪᠣᠯᠭᠠᠨ᠂ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠪᠠᠷ ᠤᠳᠤᠷᠢᠳᠤᠮᠵᠢ ᠪᠣᠯᠭᠠᠵᠤ᠂ ᠴᠢᠩᠭ᠎ᠠ ᠰᠣᠯᠢᠭ ᠤᠷᠤᠰᠬᠠᠯ ᠤᠨ ᠣᠬᠤᠷ ᠴᠠᠭ ᠤᠨ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠴᠢᠩᠭᠠᠳᠬᠠᠨ᠂ ᠭᠠᠮᠰᠢᠭᠲᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠨᠠᠷᠢᠯᠢᠬᠵᠢᠯᠲᠠ ᠪᠠ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠬᠡᠮ ᠬᠡᠮᠵᠢᠶ᠎ᠡ ᠲᠠᠢ ᠭᠠᠮᠰᠢᠭᠲᠤ ᠴᠢᠨᠠᠷ᠂ ᠬᠡᠲᠦᠷᠡᠮᠡᠬᠡᠶ ᠴᠢᠨᠠᠷ᠂ ᠥᠨᠳᠥᠷ ᠨᠥᠯᠥᠭᠡ ᠲᠠᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠨᠥᠯᠥᠭᠡᠨ ᠳᠤ ᠰᠠᠭᠤᠷᠢᠯᠠᠭᠰᠠᠨ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠳᠤ ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠭᠰᠠᠨ ᠮᠡᠳᠡᠭᠡ ᠺᠢᠯᠣᠮᠧᠲᠷ ᠤᠨ ᠲᠠᠰ ᠲᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢᠯᠡᠭᠦᠯᠦᠯ ᠤᠨ ᠤᠷᠢᠳᠴᠢᠯᠠᠭᠰᠠᠨ ᠬᠡᠮᠵᠢᠶ᠎ᠡ 50 ᠮᠢᠨᠦ᠋ᠲ ᠠᠴᠠ ᠬᠡᠲᠦᠷᠡᠵᠡᠶ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      19.  ᠣᠶᠤᠨᠴᠢ ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠤ ᠣᠶᠤᠨᠴᠢ ᠦᠢᠯᠡᠳᠬᠦ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠥᠪᠡᠷᠮᠢᠴᠡ᠂ ᠦᠵᠡᠭᠳᠡᠯᠲᠦ ᠮᠡᠷᠭᠡᠵᠢᠯ ᠢ ᠣᠷᠣᠭᠤᠯᠤᠨ ᠠᠪᠴᠢᠷᠠᠵᠤ᠂ ᠬᠡᠷᠡᠭᠴᠡᠭᠡ ᠪᠠᠷ ᠨᠢ ᠦᠢᠯᠡᠴᠢᠯᠡᠭᠡᠨ ᠢ ᠬᠦᠷᠭᠡᠬᠦ ᠬᠡᠷᠡᠭᠲᠡᠶ᠃ ᠣᠯᠠᠨ ᠢᠷᠡᠯᠲᠡ ᠲᠠᠢ ᠲᠤᠭ᠎ᠠ ᠪᠠᠷᠢᠮᠲᠠ ᠶᠢᠨ ᠣᠶᠤᠨᠴᠢ ᠰᠢᠢᠳᠪᠦᠷᠢᠳᠦ ᠪᠣᠳᠣᠯᠭ᠎ᠠ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠥᠯᠥᠭᠡ ᠳᠤ ᠰᠠᠭᠤᠷᠢᠯᠠᠭᠰᠠᠨ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      20. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠩ ᠾᠧ ᠰᠢᠶᠠᠨ ᠤ ᠲᠣᠭᠠᠴᠢᠯᠠᠭᠰᠠᠨ ᠠᠵᠤ ᠠᠬᠤᠶ ᠶᠢᠨ ᠲᠣᠭᠤᠷᠢᠨ ᠳᠤ᠂ ︽ᠲᠠᠯ᠎ᠠ ᠨᠤᠲᠤᠭ ᠤᠨ ᠡᠭᠦᠯᠡᠨ ᠬᠥᠨᠳᠡᠶ︾ ᠲᠣᠮᠣ ᠳ᠋ᠠᠶᠢᠲ᠋ᠠ ᠳᠤ ᠲᠦᠰᠢᠭᠯᠡᠨ᠂ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠲᠤᠯᠭᠠᠭᠤᠷᠢᠯᠠᠯ᠂ ᠮᠡᠷᠭᠡᠵᠢᠯ ᠲᠣᠨᠣᠭᠯᠠᠯ ᠤᠨ ᠪᠠᠲᠤᠯᠠᠭ᠎ᠠ᠂ ᠴᠠᠭ ᠠᠭᠤᠷ ᠤᠨ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤ      21. ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠴᠢᠳᠠᠪᠤᠷᠢᠲᠠᠨ ᠢ ᠰᠢᠶᠠᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ      ᠬᠠᠮᠵᠢᠯᠴᠠᠬᠤ ᠨᠢᠭᠡᠴᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠬᠤ ᠬᠡᠷᠡᠭᠲᠡᠶ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ᠰᠢᠩ ᠡᡁᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃      ᠳᠤᠭᠤᠶᠢᠯᠠᠩ ᠤᠨ ᠳᠠᠷᠤᠭ᠎ᠠ᠄ ᠬᠥᠩ ᠰᠢᠤ ᠯᠦᠩ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠹᠠᠨ ᠵᠧᠨ   ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ      ᠵᠠᠩ ᠪᠦᠦ   ᠰᠢᠶᠠᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ      ᠪᠦᠷᠢᠯᠳᠦᠬᠦᠨ᠄ ᠶᠠᠩ ᠴᠤᠸᠠᠩ ᠶᠢᠨ   ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ      ᠳ᠋ᠧᠦ ᠢᠦᠶ   ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠪᠠᠲᠤ   ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠭᠦᠸᠧ ᠵᠢᠶᠠᠨ ᠵᠢᠶᠦ᠋ᠨ   ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ      ᠶᠤᠸᠠᠨ ᠵᠧᠩ   ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ                  ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠵᠤᠤ ᠵᠢᠶᠦ᠋ᠨ   ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠵᠤᠤ ᠵᠢᠶᠠᠨ ᠰᠢᠨ   ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ      ᠯᠢᠦ ᠹᠸᠢ   ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ      ᠵᠠᠩ ᠭᠦᠩ ᠴᠠᠩ   ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠾᠧᠦ ᠽᠦᠸᠧ ᠮᠢᠨ   ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ      ᠵᠦ ᠬᠠᠶ ᠯᠦᠩ   ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠩ ᠾᠧ ᠰᠢᠶᠠᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ      ᠰᠦᠨ ᠵᠢᠶᠠᠩ   ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ      ᠬᠤᠸᠠᠩ ᡁᠢ   ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ      ᠠᠨ ᠵᠢᠶᠠᠨ ᠪᠢᠨ   ᠰᠢᠶᠠᠨ ᠤ ᠰᠣᠶᠣᠯ ᠵᠤᠭᠠᠴᠠᠯ ᠤᠨ ᠲᠣᠪᠴᠢᠶᠠᠨ ᠤ ᠳᠠᠷᠤᠭ᠎ᠠ       ᠯᠢᠦ ᠬᠠᠶ ᠢᠦᠶ   ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠶᠠᠩ ᠢᠦᠢ ᠱᠠᠨ   ᠰᠢᠶᠠᠨ ᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ      ᠾᠧᠦ ᡁᠢ ᠶᠦᠩ   ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ      ᠮᠠ ᠰᠢ  ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ      ᠯᠢᠦ ᠹᠸᠢ   ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ      ᠵᠠᠩ ᠬᠦᠢ   ᠰᠢᠶᠠᠨ ᠤ ᠪᠡᠯᠡ ᠣᠷᠣᠭᠤᠯᠬᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ      ᠯᠢᠶᠠᠩ ᠵᠢᠶᠠᠨ ᠴᠢᠶᠠᠩ   ᠰᠢᠶᠠᠨ ᠤ ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ      ᠳ᠋ᠦᠩ ᠹᠧᠩ   ᠰᠢᠶᠠᠨ ᠤ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ      ᠯᠢᠦ ᠵᠧᠨ   ᠰᠢᠶᠠᠨ ᠤ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠠᠭᠠᠭᠠᠮᠠᠯ      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠭ ᠠᠭᠤᠷ ᠤᠨ ᠠᠵᠢᠯ ᠡᠷᠭᠢᠯᠡᠭᠰᠡᠳ ᠤᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠯ᠎ᠡ ᠭᠠᠵᠠᠷ ᠤᠨ ᠨᠡᠶᠢᠲᠡᠯᠡᠭᠰᠡᠨ ᠣᠷᠣᠨ ᠨᠤᠲᠤᠭ ᠤᠨ ᠨᠡᠮᠡᠯᠲᠡ ᠨᠡᠮᠡᠭᠦᠷᠢ ᠨᠥᠬᠦᠪᠥᠷᠢ᠂ ᠠᠵᠢᠯ ᠤᠨ ᠠᠮᠵᠢᠯᠲᠠ ᠪᠦᠲᠦᠮᠵᠢ ᠳᠤ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ ᠠᠵᠢᠯᠴᠢᠨ ᠪᠣᠯᠤᠨ ᠣᠷᠣᠨ ᠨᠤᠲᠤᠭ ᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠳᠤ ᠠᠳᠠᠯᠢ ᠲᠠᠰ ᠤᠨ ᠣᠯᠭᠤᠮᠵᠢ ᠬᠦᠷᠲᠡᠭᠡᠬᠦ ᠬᠡᠷᠡᠭᠲᠡᠶ᠃ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ︵ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ ᠠᠭᠤᠷ ᠤᠨ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠣᠷᠣᠨ ᠨᠤᠲᠤᠭ ᠤᠨ ᠴᠠᠭ ᠠᠭᠤᠷ ᠤᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠠᠭ ᠠᠭᠤᠷ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ︵ᠴᠠᠭ ᠠᠭᠤᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠳᠥᠷᠪᠡ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ  ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3