ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠄ | ᠡᠳᠦᠭᠡ ︽ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ | ᠪᠠᠶᠢᠭᠤᠯᠵᠤ ᠬᠡᠷᠡᠭᠵᠢᠭᠦᠯᠲᠦᠭᠡᠶ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ | 2023 ᠣᠨ ᠤ 9 ᠰᠠᠷ᠎ᠠ ᠶᠢᠨ 18 ᠤ ᠡᠳᠦᠷ | ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠠᠷᠭ᠎ᠠ ᠬᠡᠮᠵᠢᠶ᠎ᠡ | ᠴᠠᠭ ᠠᠭᠤᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠳᠤ ᠦᠢᠯᠡᠴᠢᠯᠡᠵᠦ᠂ ᠮᠠᠨ ᠤ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠴᠠᠭ ᠠᠭᠤᠷ ᠤᠨ | ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶ ᠶᠢ ᠳᠠᠷᠤᠮᠠᠯᠯᠠᠨ ᠶᠠᠪᠤᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2022 ︺ 11 | ᠳ᠋ᠦᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ | ᠥᠪᠥᠷ ᠵᠠᠰᠠᠭ ᠲᠠᠷᠬᠠᠭᠠᠭᠰᠠᠨ ︹ 2021 ︺ 16 ᠳ᠋ᠤᠭᠠᠷ ᠲᠣᠭᠠᠲᠤ︶ ᠪᠠ ︽ᠴᠠᠭ ᠠᠭᠤᠷ ᠤᠨ ᠴᠢᠨᠠᠷ | ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠤᠯᠠᠭᠠᠨᠴᠠᠪ ᠲᠠᠷᠬᠠᠭᠠᠭᠰᠠᠨ ︹ 2022 ︺ 100 ᠳ᠋ᠤᠭᠠᠷ ᠲᠣᠭᠠᠲᠤ︶ ᠶᠣᠰᠣᠭᠠᠷ | ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠠᠵᠢᠯ ᠤᠨ ᠠᠷᠭ᠎ᠠ | ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ | ᠫᠢᠩ ᠶᠡᠷᠦᠩᠬᠡᠶ ᠱᠦᠵᠢ ᠶᠢᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠪᠠ | ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ | ᠮᠡᠳᠡᠭᠡᠯᠡᠬᠦ ᠨᠢ ᠣᠨᠣᠪᠴᠢᠲᠠᠢ᠂ ᠦᠢᠯᠡᠴᠢᠯᠡᠭᠡ ᠨᠢ ᠨᠠᠷᠢᠯᠢᠭ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ | ᠠᠮᠢᠳᠤᠷᠠᠯ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ ᠰᠢᠩ ᠡᡁᠧ | ᠰᠢᠶᠠᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠪᠠᠲᠤ ᠪᠠᠬᠢ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ᠂ ᠪᠦᠲᠦᠴᠡ ᠪᠦᠷᠢᠨ ᠲᠡᠭᠦᠯᠳᠡᠷ᠂ ᠴᠢᠳᠠᠮᠵᠢ ᠲᠡᠷᠢᠭᠦᠨ ᠤ᠂ ᠪᠠᠲᠤᠯᠠᠭ᠎ᠠ ᠬᠦᠴᠦᠨ ᠪᠥᠬᠦᠶ ᠣᠲᠣ | ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ | ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ | ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠳᠤ ᠲᠦᠷᠦᠭᠦᠯᠡᠵᠦ᠂ ᠴᠠᠭ ᠠᠭᠤᠷ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 | ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠢᠯᠡ ᠲᠣᠳᠣ ᠣᠨᠴᠠᠯᠢᠭ ᠲᠠᠢ᠂ ᠲᠡᠷᠢᠭᠦᠨ ᠤ | ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮᠵᠢ ᠶᠢ | ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ | ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠦᠨ᠎ᠡ | 1 . ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠰᠢᠶᠠᠨ ᠰᠢᠶᠠᠩ ᠬᠤᠶᠠᠷ ᠱᠠᠲᠤᠨ ᠤ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠬᠤ᠂ | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠨᠡᠶᠢᠭᠡᠮ ᠤᠨ ᠬᠢᠨ ᠣᠷᠣᠯᠴᠠᠬᠤ︾ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭᠠᠳᠬᠠᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ | ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ | ᠪᠡᠯᠴᠢᠭᠡᠷ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠰᠤᠷᠭᠠᠨ ᠬᠥᠮᠦᠵᠢᠯ ᠵᠡᠷᠭᠡ | ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠲᠥᠯᠥᠪᠵᠢᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳᠯᠡᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ | ᠠᠵᠢᠯ ᠦᠢᠯᠡᠳᠪᠦᠷᠢᠯᠡᠯ ᠢᠶᠠᠨ ᠵᠣᠭᠰᠣᠭᠠᠬᠤ ᠬᠢᠴᠢᠶᠡᠯ ᠢᠶᠠᠨ ᠵᠣᠭᠰᠣᠭᠠᠬᠤ ᠠᠵᠢᠯᠯᠠᠬᠤ ᠪᠠᠨ ᠵᠣᠭᠰᠣᠭᠠᠬᠤ | ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠶ᠃ | ᠲᠦᠷᠦᠭᠦᠯᠡᠨ ᠬᠢᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ᠃ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠢᠢᠳᠪᠦᠷᠢᠯᠡᠬᠦ ᠠᠷᠭᠠᠴᠠᠬᠤ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠎ᠠ᠃ ᠪᠦᠬᠦ ᠰᠢᠶᠠᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ︽ᠰᠢᠩ | ᠾᠧ ᠰᠢᠶᠠᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ | ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠭᠦᠨ ᠢ | ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 3. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠲᠣᠣᠷ ᠢ | ᠲᠡᠭᠦᠯᠳᠡᠷᠵᠢᠭᠦᠯᠦᠨ᠎ᠡ᠃ ᠰᠢᠶᠠᠨ ᠰᠢᠶᠠᠩ ᠬᠤᠶᠠᠷ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ | ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠵᠦ᠂ ᠤᠯᠤᠰ ᠤᠨ | ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠠᠯᠠᠭ᠎ᠠ | ᠮᠥᠴᠢᠷ ᠤᠨ ᠬᠤᠭᠤᠷᠣᠨᠳᠣᠬᠢ ᠵᠥᠭᠡᠯᠡᠨ ᠬᠠᠲᠠᠭᠤ ᠬᠡᠷᠡᠭᠰᠡᠯ ᠲᠠᠢ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠲᠠᠬᠢᠨ ᠤᠯᠠᠮᠵᠢᠯᠠᠨ ᠲᠠᠷᠬᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ | ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠪᠠ ᠪᠦᠬᠦ | ᠰᠦᠯᠵᠢᠶᠡᠨ ᠳᠤ ᠰᠦᠢᠳᠬᠡᠯ ᠬᠤᠷᠢᠶᠠᠬᠤ ᠦᠭᠡᠢ ᠪᠠᠷ ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠬᠦᠨᠳᠦ ᠶᠡᠭᠡ | ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ | ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠣᠰᠬᠤᠨ ︵ᠨᠡᠶᠢᠭᠡᠮ ᠲᠣᠭᠤᠷᠢᠭ︶ ᠤ ᠡᠷᠦᠬᠡ ᠬᠥᠮᠦᠨ | ᠪᠦᠷᠢ ᠳᠤ ᠬᠦᠷᠲᠡᠯ᠎ᠡ ᠨᠡᠶᠢᠲᠡᠯᠡᠬᠦ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ | ᠡᠯ᠎ᠡ ᠰᠢᠶᠠᠩ ᠪᠠᠯᠭᠠᠰᠤ | ︵ᠬᠤᠶᠠᠷ︶ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ | 4. ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ | ᠰᠢᠰᠲ᠋ᠧᠮ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ | ᠨᠢᠭᠡ ᠴᠤᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠲᠣᠤᠷ ᠢ ᠬᠠᠮᠲᠤᠷᠠᠨ ᠪᠠᠶᠢᠭᠤᠯᠵᠤ᠂ ᠠᠮᠢ ᠠᠬᠤᠶ ᠶᠢᠨ ᠴᠠᠭ ᠠᠭᠤᠷ | ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ | ᠠᠬᠤᠶ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠶ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ | ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠦᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ | ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ | ᠪᠠᠯᠭᠠᠰᠤ | 5. ᠰᠤᠮᠤᠨ ᠠᠭᠤᠯᠠ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠠᠭ ᠠᠭᠤᠷ ᠤᠨ | ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ᠃ ᠰᠤᠮᠤᠨ ᠠᠭᠤᠯᠠ᠂ ᠴᠠᠭᠠᠨ ᠨᠠᠭᠤᠷ ᠤᠨ ᠠᠮᠢ ᠠᠬᠤᠶ ᠶᠢ | ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠣᠠᠠᠴᠠᠵᠢᠭᠤᠯᠥᠠᠠᠰᠠᠨ ᠪᠥᠬᠦ | ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ | ᠥᠷᠲᠡᠭᠡ ᠶᠢᠨ ᠲᠣᠤᠷ ᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠶᠠᠰᠤ ᠴᠢᠨᠠᠷ ᠪᠠ ᠠᠮᠢ | ᠠᠬᠤᠶ ᠶᠢᠨ ᠴᠢᠳᠠᠮᠵᠢ ᠶᠢ ᠰᠡᠷᠭᠦᠭᠡᠬᠦ ᠴᠠᠭ ᠠᠭᠤᠷ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠤᠭᠤᠯᠠᠶ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠡᠯ᠎ᠡ ᠰᠢᠶᠠᠩ ᠪᠠᠯᠭᠠᠰᠤ | 6. ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠤᠯᠬᠤ ᠳᠤ ᠰᠢᠨᠵᠢᠯᠡᠬᠦ ᠤᠬᠠᠭᠠᠨᠴᠢ ᠪᠠᠷ | ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠨᠠᠷᠢᠯᠢᠬᠵᠢᠭᠤᠯᠤᠭᠰᠠᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠦᠷᠢᠯᠳᠦᠯ ᠤᠨ ᠵᠢᠮ᠎ᠡ ᠶᠣᠰᠣ ᠵᠢᠴᠢ ᠵᠠᠰᠠᠬᠤ ᠠᠷᠭ᠎ᠠ ᠬᠡᠮᠵᠢᠶ᠎ᠡ ᠶᠢᠨ ᠰᠤᠳᠤᠯᠤᠯ ᠢ ᠥᠷᠨᠢᠭᠦᠯᠵᠦ᠂ ᠣᠷᠴᠢᠨ | ᠲᠣᠭᠤᠷᠢᠨ ᠤ ᠠᠰᠠᠭᠤᠳᠠᠯ ᠢ ᠵᠠᠰᠠᠬᠤ ᠳᠤᠮᠳᠠᠬᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠤᠷᠢᠳᠠᠴᠢ | ᠦᠢᠯᠡᠳᠦᠯ ᠢ ᠪᠠᠳᠠᠷᠠᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ | 7᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠠ ᠲᠦᠢᠯ ᠤᠨ ᠠᠭᠤᠷ ᠠᠮᠢᠰᠬᠤᠯ ᠤᠨ | ᠬᠡᠷᠡᠭ ᠢ ᠦᠨᠡᠯᠡᠨ ᠵᠢᠱᠢᠬᠦ ᠶᠢ ᠴᠢᠩᠭᠠᠳᠬᠠᠵᠤ᠂ ᠰᠢᠩ ᠾᠧ ᠰᠢᠶᠠᠨ ᠤ ᠠᠭᠤᠷ ᠠᠮᠢᠰᠬᠤᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠤᠨᠴᠠᠯᠢᠭᠳᠤ ᠭᠦᠢᠴᠡᠳᠬᠡᠬᠦ ᠲᠤᠭ᠎ᠠ ᠶᠢᠨ ᠰᠤᠳᠤᠯᠭᠠᠨ ᠢ ᠥᠷᠨᠢᠭᠦᠯᠦᠨ᠎ᠡ᠃ ᠴᠠᠭᠠᠨ | ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠠᠭᠤᠷ ᠠᠮᠢᠰᠬᠤᠯ ᠤᠨ ᠳᠠᠭᠠᠭᠠᠴᠠ ᠶᠢ ᠦᠨᠡᠯᠡᠨ ᠵᠢᠱᠢᠬᠦ | ᠦᠢᠯᠡᠴᠢᠯᠡᠭᠡ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠠᠵᠤ | ᠦᠢᠯᠡᠴᠢᠯᠡᠭᠡ ᠤᠨ ᠪᠠᠶᠢᠷᠢᠰᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠨᠥᠯᠥᠭᠡ ᠶᠢ | ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠵᠦ ᠦᠨᠡᠯᠡᠨ ᠵᠢᠱᠢᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠬᠢᠨ ᠴᠠᠬᠢᠯᠭᠠᠨ ᠤ ᠴᠢᠳᠠᠯ ᠪᠠ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ | ᠬᠡᠮᠵᠢᠶ᠎ᠡ ᠶᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠬᠡᠷᠡᠭᠯᠡᠯᠲᠡ ᠶᠢ ᠥᠷᠨᠢᠭᠦᠯᠵᠦ᠂ ᠰᠠᠯᠬᠢᠨ ᠡᠨᠧᠷᠭᠢ ᠶᠢᠨ ᠨᠡᠷᠡᠨ | ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠢᠬᠤᠯᠠ ᠶᠡᠭᠡ ᠲᠥᠯᠥᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠵᠡᠷᠭᠡ ᠠᠭᠤᠷ | ᠠᠮᠢᠰᠬᠤᠯ ᠤᠨ ᠪᠣᠯᠤᠮᠵᠢᠲᠤ ᠨᠤᠲᠠᠯᠠᠯᠲᠠ ᠶᠢ ᠲᠦᠯᠬᠢᠨ ᠠᠬᠢᠭᠤᠯᠤᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ | ᠡᠯ᠎ᠡ ᠰᠢᠶᠠᠩ ᠪᠠᠯᠭᠠᠰᠤ | ︵ᠭᠤᠷᠪᠠ︶ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠪᠣᠯᠤᠨ ᠠᠭᠤᠷ ᠠᠮᠢᠰᠬᠤᠯ ᠤᠨ ᠡᠬᠢ | ᠪᠠᠶᠠᠯᠢᠭ ᠴᠠᠭ ᠠᠭᠤᠷ ᠤᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠪᠠ | 8᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ | ᠦᠢᠯᠡᠴᠢᠯᠡᠭᠡᠨ ᠤ ᠴᠢᠳᠠᠪᠤᠷᠢ ᠶᠢ ᠰᠢᠶᠠᠩ ᠪᠠᠯᠭᠠᠰᠤᠨ ᠳᠤ ᠬᠦᠷᠬᠦ ᠴᠠᠭ ᠠᠭᠤᠷ ᠤᠨ ᠭᠠᠮᠰᠢᠭ ᠵᠢᠴᠢ ᠳᠤᠮᠳᠠ ᠵᠢᠵᠢᠭ | ᠭᠤᠣᠯ ᠮᠥᠷᠡᠨ ᠤ ᠦᠶᠡᠷ ᠤᠨ ᠤᠰᠤ᠂ ᠠᠭᠤᠯᠠᠨ ᠦᠶᠡᠷ ᠪᠠ ᠭᠠᠵᠠᠷ ᠤᠨ ᠭᠠᠮᠰᠢᠭ ᠤᠨ ᠴᠠᠭ ᠠᠭᠤᠷ ᠤᠨ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ᠂ ᠠᠮᠤᠷ | ᠲᠠᠶᠢᠪᠤᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ᠰᠤᠮᠤᠨ ᠠᠭᠤᠯᠠ ᠶᠢᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ ᠢ ᠡᠭᠦᠳᠴᠦ᠂ ︽ | ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠠᠭᠤᠷ ᠠᠮᠢᠰᠬᠤᠯ ᠤᠨ ᠨᠠᠷᠠᠲᠤ | ᠲᠡᠮᠳᠡᠭᠲᠦ ᠶᠢ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠭᠳᠤ ᠲᠡᠵᠢᠭᠡᠨ | ᠦᠷᠡᠵᠢᠭᠦᠯᠬᠦ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ | 9 . ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠣᠷᠭᠠᠨᠢᠭ ᠲᠠᠷᠢᠶᠠᠯᠠᠩ᠂ ᠤᠰᠤ ᠠᠷᠪᠢᠯᠠᠬᠤ | ᠲᠠᠷᠢᠶᠠᠯᠠᠩ᠂ ᠳᠡᠭᠡᠰᠦ ᠲᠡᠰ ᠤᠨ ᠮᠠᠯ ᠠᠵᠤ ᠠᠬᠤᠢ᠂ ᠣᠨᠴᠠᠯᠢᠭᠲᠤ ᠠᠮᠢ ᠠᠬᠤᠢ ᠶᠢᠨ ᠠᠵᠤ ᠦᠢᠯᠡᠰ ᠲᠤ | ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠠᠷᠢᠯᠢᠭᠵᠢᠭᠤᠯᠤᠭᠰᠠᠨ᠂ ᠲᠣᠭᠲᠠᠭᠠᠭᠰᠠᠨ᠂ ᠰᠢᠭᠤᠳ ᠨᠡᠪᠲᠡᠷᠡᠬᠦ ᠮᠠᠶ ᠢᠭ ᠤᠨ ᠲᠠᠷᠢᠶᠠᠯᠠᠩ ᠮᠠᠯ | ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠲᠤᠰᠬᠠᠶ ᠠᠵᠢᠯ ᠤᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠲᠥᠮᠥᠰᠥ᠂ ᠨᠣᠬᠠᠶ ᠶᠢᠨ ᠬᠤᠰᠢᠭᠤ ᠵᠡᠷᠭᠡ ᠣᠨᠴᠠᠯᠢᠭᠲᠤ | ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠴᠠᠭ ᠠᠭᠤᠷ ᠤᠨ ᠨᠥᠬᠦᠴᠡᠯ ᠤᠨ | ᠲᠦᠬᠦᠭᠡᠷᠦᠮᠵᠢᠲᠦ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ | ︵ᠲᠥᠷᠪᠡ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠣᠷ ᠠᠴᠠ ᠵᠠᠶᠢᠯᠠᠬᠤ ᠦᠢᠯᠡᠴᠢᠯᠡᠭᠡᠨ ᠤ ᠦᠷ᠎ᠡ ᠠᠰᠢᠭ ᠢ | ᠪᠠᠳᠠᠷᠠᠭᠤᠯᠤᠨ᠎ᠠ | 10. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠶ ᠪᠠᠷ ᠠᠵᠢᠯᠯᠠᠬᠤ ᠶᠢ ᠪᠠᠷᠢᠮᠲᠠᠯᠠᠨ᠎ᠠ᠃ ᠬᠥᠮᠦᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠥᠷᠲᠡᠭᠡ ᠴᠢᠬ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠎ᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ | ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠣᠨᠴᠠ ᠲᠥᠷᠥᠯ ᠤᠨ ᠠᠵᠢᠭᠯᠠᠯᠲᠠ᠂ ᠳᠠᠭᠠᠭᠤᠯᠢ ᠣᠲᠣ ᠪᠠ ᠠᠦ᠋ᠲ᠋ᠣ᠋ ᠴᠠᠭ ᠠᠭᠤᠷ ᠤᠨ | ᠥᠷᠲᠡᠭᠡ ᠵᠡᠷᠭᠡ ᠴᠠᠭ ᠲᠤᠬᠠᠶ ᠳᠤᠨᠢ ᠬᠠᠶᠢᠨ ᠬᠡᠮᠵᠢᠭᠰᠡᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ | ᠭᠦᠢᠴᠡᠳᠭᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ | ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠬᠤᠭᠤᠰᠣᠨ ᠭᠠᠵᠠᠷ ᠢ ᠨᠢᠭᠡ | ᠴᠤᠭᠴᠠᠵᠢᠭᠤᠯᠤᠨ ᠬᠠᠮᠲᠤᠷᠠᠨ ᠠᠵᠢᠯᠯᠠᠬᠤ ᠪᠠ ᠠᠮᠢ ᠠᠬᠤᠶ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ | ᠪᠣᠷᠣᠭᠠᠨ ︵ᠴᠠᠰᠤ︶ ᠢ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠵᠡᠷᠭᠡ ᠶᠢ ᠥᠷᠨᠢᠭᠦᠯᠦᠨ᠎ᠡ᠃ ᠣᠶ ᠰᠢᠭᠤᠶ | ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ | ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 11. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠠᠵᠢᠯᠯᠠᠬᠤ ᠴᠢᠬ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ | ᠲᠥᠬᠦᠭᠡᠷᠦᠮᠵᠢ ᠶᠢ ᠤᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠥᠷᠲᠡᠭᠡ ᠴᠢᠬ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠯ᠎ᠡ | ᠰᠢᠶᠠᠩ ᠪᠠᠯᠭᠠᠰᠤ | ︵ᠲᠠᠪᠤ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ | 12. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ | ᠬᠤᠪᠢᠶᠠᠷᠢᠯᠠᠬᠤ ᠶᠢ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ | ᠪᠠᠲᠤᠯᠠᠨ᠎ᠠ᠃ ᠵᠠᠮ ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠲᠣᠣᠷ ᠢ ᠲᠡᠭᠦᠯᠳᠡᠷᠵᠢᠭᠦᠯᠵᠦ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠶ ᠭᠠᠮᠰᠢᠭ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠶᠡᠭᠡ ᠰᠠᠯᠬᠢ᠂ ᠮᠥᠰᠥ ᠬᠤᠴᠢᠬᠤ᠂ ᠳᠣᠤᠷ᠎ᠠ | ᠳᠤᠯᠠᠭᠠᠨ ᠮᠥᠰᠥ ᠬᠥᠯᠳᠡᠬᠦ ᠵᠡᠷᠭᠡ ᠴᠠᠭ ᠠᠭᠤᠷ ᠤᠨ ᠭᠠᠶ ᠭᠠᠮᠰᠢᠭ ᠢ ᠨᠥᠯᠥᠭᠡᠯᠡᠬᠦ ᠲᠦᠭᠰᠢᠭᠦᠷᠢ ᠶᠢᠨ ᠭᠦᠢᠴᠡᠳᠭᠡᠯ | ᠲᠤᠭ᠎ᠠ ᠶᠢᠨ ᠰᠢᠰᠲ᠋ᠧᠮᠵᠢ ᠪᠠ ᠭᠠᠮᠰᠢᠭ ᠡᠭᠦᠰᠭᠡᠬᠦ ᠬᠡᠪᠴᠢᠶ᠎ᠡ ᠶᠢ ᠪᠠᠶᠢᠭᠤᠯᠤᠨ᠂ ᠭᠤᠤᠯᠳᠠᠯᠭ᠎ᠠ ᠲᠠᠢ ᠦᠵᠡᠮᠵᠢ ᠶᠢᠨ | ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ | ᠲᠣᠭᠲᠠᠴᠠ ᠶᠢ ᠪᠠᠶᠢᠭᠤᠯᠵᠤ᠂ ᠪᠥᠬᠦ ᠶᠠᠪᠤᠴᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ | ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠠᠭ ᠠᠭᠤᠷ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠡᠨᠧᠷᠭᠢ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠡᠯ᠎ᠡ ᠰᠢᠶᠠᠩ ᠪᠠᠯᠭᠠᠰᠤ | 13. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠴᠠᠭ ᠠᠭᠤᠷ ᠢ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ | ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ | ᠠᠷᠢᠯᠭᠠᠬᠤ ᠵᠡᠷᠭᠡ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠠ᠃ ᠬᠤᠲᠠ | ᠪᠠᠯᠭᠠᠰᠤᠨ ᠤ ᠤᠰᠤᠲᠤᠯ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ | ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠲᠠ ᠪᠠᠯᠭᠠᠰᠤᠨ ᠤ | ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠥᠷᠨᠢᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ | ᠲᠦᠯᠬᠢᠨ ᠠᠬᠢᠭᠤᠯᠵᠤ᠂ ᠴᠠᠭ ᠠᠭᠤᠷ ᠤᠨ ᠦᠢᠯᠡᠴᠢᠯᠡᠭᠡ ᠶᠢ ᠤᠶᠤᠨᠲᠤ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠳᠤ ᠠᠭᠤᠰᠬᠠᠨ ᠣᠷᠣᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ | 14. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ ᠰᠢᠩ ᠾᠧ | ᠰᠢᠶᠠᠨ ᠤ ᠴᠠᠭ ᠠᠭᠤᠷ ᠤᠨ ᠭᠤᠣᠯ ᠰᠡᠳᠦᠪᠲᠦ ᠴᠡᠴᠡᠷᠯᠢᠭ ᠢ ᠪᠦᠳᠦᠭᠡᠨ ᠪᠠᠶᠢᠭᠤᠯᠵᠤ᠂ ᠴᠠᠭ ᠠᠭᠤᠷ ᠤᠨ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠠᠴᠠ | ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷᠰᠢᠮᠠᠲᠠᠭᠠᠶ | ᠴᠢᠨᠠᠷ᠂ ᠬᠠᠯᠳᠠᠪᠤᠷᠢᠲᠤ ᠴᠢᠨᠠᠷ ᠬᠢᠭᠡᠳ ᠴᠠᠭ ᠠᠭᠤᠷ ᠤᠨ ᠪᠠᠺᠲ᠋ᠧᠷᠢ ᠤᠨ ᠬᠠᠷᠢᠯᠴᠠᠨ ᠬᠤᠯᠪᠣᠭᠳᠠᠬᠤ ᠴᠢᠨᠠᠷ ᠤᠨ | ᠰᠤᠳᠤᠯᠭᠠᠨ ᠢ ᠥᠷᠨᠢᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠴᠠᠭ ᠠᠭᠤᠷ ᠤᠨ ᠲᠦᠭᠰᠢᠭᠦᠷᠢ ᠶᠢᠨ ᠦᠢᠯᠡᠴᠢᠯᠡᠭᠡ | ᠪᠠ ᠦᠷ᠎ᠡ ᠠᠰᠢᠭ ᠤᠨ ᠦᠨᠡᠯᠡᠨ ᠵᠢᠱᠢᠯᠲᠡ ᠶᠢ ᠰᠦᠪᠡᠭᠴᠢᠯᠡᠨ᠎ᠡ᠃ ᠠᠷᠠᠳ ᠤᠯᠠᠨ ᠤ ᠠᠮᠢᠳᠤᠷᠠᠯ ᠤᠨ ᠰᠡᠯᠡᠭᠦᠴᠡᠯ᠂ | ᠵᠢᠭᠤᠯᠴᠢᠯᠠᠯ ᠵᠡᠷᠭᠡ ᠶᠢᠨ ᠨᠠᠷᠢᠯᠢᠬᠵᠢᠭᠤᠯᠤᠭᠰᠠᠨ ᠬᠡᠷᠡᠭᠴᠡᠭᠡ ᠶᠢ ᠬᠠᠩᠭᠠᠬᠤ ᠤᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡ ᠶᠢ ᠬᠥᠭᠵᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠢᠶᠠᠩ ᠪᠠᠯᠭᠠᠰᠤ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 15. ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠷᠠᠭᠤᠯᠤᠨ᠎ᠠ᠃ ᠨᠡᠶᠢᠭᠡᠮ ᠤᠨ ᠬᠡᠷᠡᠭᠴᠡᠭᠡ ᠪᠠ ᠴᠠᠭ ᠠᠭᠤᠷ ᠤᠨ ᠣᠳᠣᠬᠢᠴᠢᠯᠠᠬᠤ ᠪᠦᠳᠦᠭᠡᠨ | ᠪᠠᠶᠢᠭᠤᠯᠤᠯᠲᠠ ᠪᠠᠷ ᠵᠣᠭᠰᠣᠴᠠ ᠪᠣᠯᠭᠠᠵᠤ᠂ ᠬᠡᠷᠡᠭᠯᠡᠭᠡᠨ ᠤ ᠴᠠᠭ ᠠᠭᠤᠷ ᠤᠨ ᠰᠠᠭᠤᠷᠢ ᠰᠤᠳᠤᠯᠭᠠᠨ ᠪᠠ ᠴᠠᠭ | ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠭᠠᠨ ᠢ | ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ | ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ | ᠮᠡᠳᠡᠭᠡᠯᠡᠵᠦ ᠰᠡᠷᠡᠮᠵᠢᠯᠡᠭᠦᠯᠬᠦ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ᠃ ᠠᠮᠢ ᠠᠬᠤᠶ ᠶᠢᠨ ᠴᠠᠭ ᠠᠭᠤᠷ᠂ | ᠳᠠᠭᠠᠭᠤᠯᠢ ᠤᠳᠤᠨ ᠤ ᠠᠯᠤᠰ ᠰᠡᠷᠡᠯᠲᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ | ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ᠂ ︽ᠴᠠᠭ ᠠᠭᠤᠷ | + ᠠᠵᠢᠯ ᠲᠦᠷᠦᠯ︾ ᠤᠨ ᠦᠢᠯᠡᠴᠢᠯᠡᠭᠡᠨ ᠤ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ | 16. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ | ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ | ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ | ᠴᠢᠷᠮᠠᠶᠢᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠡᠶᠢᠲᠡᠴᠢ | ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠶᠢ ᠬᠠᠮᠲᠤᠷᠠᠨ ᠰᠢᠪᠲᠤᠯᠵᠤ᠂ ︽ᠲᠠᠯ᠎ᠠ ᠨᠤᠲᠤᠭ ᠤᠨ ᠡᠭᠦᠯᠡᠨ | ᠬᠥᠨᠳᠡᠶ︾ ᠶᠢᠨ ᠲᠣᠮᠣ ᠳ᠋ᠠᠶᠢᠲ᠋ᠠ ᠳᠤ ᠲᠦᠰᠢᠭᠯᠡᠨ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ | ︵ᠲᠤᠯᠤᠭ᠎ᠠ︶ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 17. ᠭᠤᠤᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠤᠨ ᠬᠢᠨᠠᠨ ᠬᠡᠮᠵᠢᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠮᠢ ᠠᠬᠤᠶ᠂ ᠲᠠᠷᠢᠶᠠᠯᠠᠩ᠂ ᠨᠤᠲᠤᠭ ᠪᠡᠯᠴᠢᠭᠡᠷ᠂ ᠡᠨᠧᠷᠭᠢ ᠶᠢᠨ ᠰᠤᠷᠪᠤᠯᠵᠢ᠂ ᠵᠠᠮ | ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠢ ᠠᠵᠢᠭᠯᠠᠨ ᠬᠡᠮᠵᠢᠬᠦ ᠲᠤᠰᠬᠠᠶ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠷᠲᠡᠭᠡᠨ ᠤ ᠬᠤᠭᠤᠷᠣᠨᠳᠣᠬᠢ ᠳᠤᠮᠳᠠᠴᠢ ᠵᠠᠶ ᠶᠢ 10 | ᠺᠢᠯᠣᠮᠧᠲᠷ ᠣᠷᠴᠢᠮ ᠳᠤ ᠬᠦᠷᠭᠡᠨ᠎ᠡ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ | ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤ | 18. ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠲᠥᠰᠦᠭᠡᠯᠡᠬᠦ ᠶᠢᠨ ᠣᠨᠣᠪᠴᠢ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠲᠤᠭ᠎ᠠ ᠬᠡᠮᠵᠢᠭᠳᠡᠯ ᠢ ᠤᠷᠢᠳᠴᠢᠯᠠᠨ ᠮᠡᠳᠡᠭᠡᠯᠡᠬᠦ ᠪᠠᠷ ᠭᠤᠤᠯ ᠪᠣᠯᠭᠠᠨ᠂ ᠰᠢᠯᠭᠠᠨ ᠪᠠᠶᠢᠴᠠᠭᠠᠵᠤ | ᠦᠨᠡᠯᠡᠨ ᠵᠢᠱᠢᠬᠦ ᠪᠠᠷ ᠤᠳᠤᠷᠢᠳᠤᠮᠵᠢ ᠪᠣᠯᠭᠠᠵᠤ᠂ ᠴᠢᠩᠭ᠎ᠠ ᠰᠣᠯᠢᠭ ᠤᠷᠤᠰᠬᠠᠯ ᠤᠨ ᠣᠬᠤᠷ ᠴᠠᠭ ᠤᠨ | ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠴᠢᠩᠭᠠᠳᠬᠠᠨ᠂ ᠭᠠᠮᠰᠢᠭᠲᠤ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢᠨ ᠨᠠᠷᠢᠯᠢᠬᠵᠢᠯᠲᠠ ᠪᠠ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠬᠡᠮ | ᠬᠡᠮᠵᠢᠶ᠎ᠡ ᠲᠠᠢ ᠭᠠᠮᠰᠢᠭᠲᠤ ᠴᠢᠨᠠᠷ᠂ ᠬᠡᠲᠦᠷᠡᠮᠡᠬᠡᠶ ᠴᠢᠨᠠᠷ᠂ ᠥᠨᠳᠥᠷ ᠨᠥᠯᠥᠭᠡ ᠲᠠᠢ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠨᠥᠯᠥᠭᠡᠨ ᠳᠤ | ᠰᠠᠭᠤᠷᠢᠯᠠᠭᠰᠠᠨ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠳᠤ ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ | ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠭᠰᠠᠨ ᠮᠡᠳᠡᠭᠡ | ᠺᠢᠯᠣᠮᠧᠲᠷ ᠤᠨ ᠲᠠᠰ ᠲᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢᠯᠡᠭᠦᠯᠦᠯ ᠤᠨ | ᠤᠷᠢᠳᠴᠢᠯᠠᠭᠰᠠᠨ ᠬᠡᠮᠵᠢᠶ᠎ᠡ 50 ᠮᠢᠨᠦ᠋ᠲ ᠠᠴᠠ ᠬᠡᠲᠦᠷᠡᠵᠡᠶ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | 19. ᠣᠶᠤᠨᠴᠢ ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠦᠢᠯᠡᠳᠬᠦᠨ ᠤ ᠣᠶᠤᠨᠴᠢ ᠦᠢᠯᠡᠳᠬᠦ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠥᠪᠡᠷᠮᠢᠴᠡ᠂ ᠦᠵᠡᠭᠳᠡᠯᠲᠦ ᠮᠡᠷᠭᠡᠵᠢᠯ ᠢ ᠣᠷᠣᠭᠤᠯᠤᠨ ᠠᠪᠴᠢᠷᠠᠵᠤ᠂ | ᠬᠡᠷᠡᠭᠴᠡᠭᠡ ᠪᠠᠷ ᠨᠢ ᠦᠢᠯᠡᠴᠢᠯᠡᠭᠡᠨ ᠢ ᠬᠦᠷᠭᠡᠬᠦ ᠬᠡᠷᠡᠭᠲᠡᠶ᠃ ᠣᠯᠠᠨ ᠢᠷᠡᠯᠲᠡ ᠲᠠᠢ ᠲᠤᠭ᠎ᠠ ᠪᠠᠷᠢᠮᠲᠠ ᠶᠢᠨ ᠣᠶᠤᠨᠴᠢ | ᠰᠢᠢᠳᠪᠦᠷᠢᠳᠦ ᠪᠣᠳᠣᠯᠭ᠎ᠠ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠥᠯᠥᠭᠡ ᠳᠤ | ᠰᠠᠭᠤᠷᠢᠯᠠᠭᠰᠠᠨ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | 20. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠩ ᠾᠧ | ᠰᠢᠶᠠᠨ ᠤ ᠲᠣᠭᠠᠴᠢᠯᠠᠭᠰᠠᠨ ᠠᠵᠤ ᠠᠬᠤᠶ ᠶᠢᠨ ᠲᠣᠭᠤᠷᠢᠨ ᠳᠤ᠂ ︽ᠲᠠᠯ᠎ᠠ ᠨᠤᠲᠤᠭ ᠤᠨ ᠡᠭᠦᠯᠡᠨ ᠬᠥᠨᠳᠡᠶ︾ ᠲᠣᠮᠣ | ᠳ᠋ᠠᠶᠢᠲ᠋ᠠ ᠳᠤ ᠲᠦᠰᠢᠭᠯᠡᠨ᠂ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠲᠤᠯᠭᠠᠭᠤᠷᠢᠯᠠᠯ᠂ ᠮᠡᠷᠭᠡᠵᠢᠯ | ᠲᠣᠨᠣᠭᠯᠠᠯ ᠤᠨ ᠪᠠᠲᠤᠯᠠᠭ᠎ᠠ᠂ ᠴᠠᠭ ᠠᠭᠤᠷ ᠤᠨ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠴᠢᠳᠠᠪᠤᠷᠢ ᠶᠢᠨ | ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠯ᠎ᠡ ᠰᠢᠶᠠᠩ ᠪᠠᠯᠭᠠᠰᠤ | 21. ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ | ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ | ᠲᠤᠰᠬᠠᠶ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠴᠢᠳᠠᠪᠤᠷᠢᠲᠠᠨ ᠢ | ᠰᠢᠶᠠᠨ ᠤ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ | ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠰᠢᠶᠠᠩ ᠪᠠᠯᠭᠠᠰᠤ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠬᠤ ᠬᠡᠷᠡᠭᠲᠡᠶ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠴᠠᠭ ᠠᠭᠤᠷ ᠤᠨ | ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ | ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ | ᠲᠥᠯᠥᠭᠡ᠂ ᠰᠢᠩ ᠡᡁᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ᠳᠤᠭᠤᠶᠢᠯᠠᠩ ᠤᠨ ᠳᠠᠷᠤᠭ᠎ᠠ᠄ ᠬᠥᠩ ᠰᠢᠤ ᠯᠦᠩ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠹᠠᠨ ᠵᠧᠨ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ | ᠡᠷᠬᠢᠯᠡᠭᠴᠢ | ᠵᠠᠩ ᠪᠦᠦ ᠰᠢᠶᠠᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠶᠠᠩ ᠴᠤᠸᠠᠩ ᠶᠢᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ | ᠳ᠋ᠧᠦ ᠢᠦᠶ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠠᠲᠤ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠭᠦᠸᠧ ᠵᠢᠶᠠᠨ ᠵᠢᠶᠦ᠋ᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠶᠤᠸᠠᠨ ᠵᠧᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠵᠤᠤ ᠵᠢᠶᠦ᠋ᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠵᠤᠤ ᠵᠢᠶᠠᠨ ᠰᠢᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ | ᠯᠢᠦ ᠹᠸᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠵᠠᠩ ᠭᠦᠩ ᠴᠠᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠾᠧᠦ ᠽᠦᠸᠧ ᠮᠢᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠵᠦ ᠬᠠᠶ ᠯᠦᠩ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠩ ᠾᠧ ᠰᠢᠶᠠᠨ ᠤ ᠬᠤᠪᠢᠶᠠᠷᠢ | ᠲᠣᠪᠴᠢᠶ᠎ᠠ ᠶᠢᠨ ᠳᠠᠷᠤᠭ᠎ᠠ | ᠰᠦᠨ ᠵᠢᠶᠠᠩ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠬᠤᠸᠠᠩ ᡁᠢ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠠᠨ ᠵᠢᠶᠠᠨ ᠪᠢᠨ ᠰᠢᠶᠠᠨ ᠤ ᠰᠣᠶᠣᠯ ᠵᠤᠭᠠᠴᠠᠯ ᠤᠨ ᠲᠣᠪᠴᠢᠶᠠᠨ ᠤ ᠳᠠᠷᠤᠭ᠎ᠠ | ᠯᠢᠦ ᠬᠠᠶ ᠢᠦᠶ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ | ᠶᠠᠩ ᠢᠦᠢ ᠱᠠᠨ ᠰᠢᠶᠠᠨ ᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ | ᠾᠧᠦ ᡁᠢ ᠶᠦᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ | ᠳᠠᠷᠤᠭ᠎ᠠ | ᠮᠠ ᠰᠢ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠯᠢᠦ ᠹᠸᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠵᠠᠩ ᠬᠦᠢ ᠰᠢᠶᠠᠨ ᠤ ᠪᠡᠯᠡ ᠣᠷᠣᠭᠤᠯᠬᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠯᠢᠶᠠᠩ ᠵᠢᠶᠠᠨ ᠴᠢᠶᠠᠩ ᠰᠢᠶᠠᠨ ᠤ ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ᠳ᠋ᠦᠩ ᠹᠧᠩ ᠰᠢᠶᠠᠨ ᠤ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ᠯᠢᠦ ᠵᠧᠨ ᠰᠢᠶᠠᠨ ᠤ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠭ ᠠᠭᠤᠷ ᠤᠨ ᠠᠵᠢᠯ | ᠡᠷᠭᠢᠯᠡᠭᠰᠡᠳ ᠤᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠬᠠᠷᠢᠶ᠎ᠠ | ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠯ᠎ᠡ | ᠭᠠᠵᠠᠷ ᠤᠨ ᠨᠡᠶᠢᠲᠡᠯᠡᠭᠰᠡᠨ ᠣᠷᠣᠨ ᠨᠤᠲᠤᠭ ᠤᠨ ᠨᠡᠮᠡᠯᠲᠡ ᠨᠡᠮᠡᠭᠦᠷᠢ ᠨᠥᠬᠦᠪᠥᠷᠢ᠂ ᠠᠵᠢᠯ ᠤᠨ ᠠᠮᠵᠢᠯᠲᠠ | ᠪᠦᠲᠦᠮᠵᠢ ᠳᠤ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ ᠠᠵᠢᠯᠴᠢᠨ ᠪᠣᠯᠤᠨ ᠣᠷᠣᠨ ᠨᠤᠲᠤᠭ ᠤᠨ | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠳᠤ ᠠᠳᠠᠯᠢ ᠲᠠᠰ ᠤᠨ ᠣᠯᠭᠤᠮᠵᠢ | ᠬᠦᠷᠲᠡᠭᠡᠬᠦ ᠬᠡᠷᠡᠭᠲᠡᠶ᠃ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠥᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ︵ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ | ᠠᠭᠤᠷ ᠤᠨ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ | ᠲᠠᠯ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠣᠷᠣᠨ | ᠨᠤᠲᠤᠭ ᠤᠨ ᠴᠠᠭ ᠠᠭᠤᠷ ᠤᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠠᠭ ᠠᠭᠤᠷ ᠤᠨ | ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ︵ᠴᠠᠭ ᠠᠭᠤᠷ ᠤᠨ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ | ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠴᠠᠭ ᠠᠭᠤᠷ ᠤᠨ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |