ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ᠄ | ᠡᠳᠦᠭᠡ ︽ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠵᠤ | ᠬᠡᠷᠡᠭᠵᠢᠭᠦᠯᠲᠦᠭᠡᠶ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ | 2023 ᠣᠨ ᠤ 9 ᠰᠠᠷ᠎ᠠ ᠶᠢᠨ 18 ᠤ ᠡᠳᠦᠷ | ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ | ᠠᠷᠭ᠎ᠠ ᠬᠡᠮᠵᠢᠶ᠎ᠡ | ᠴᠠᠭ ᠠᠭᠤᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠳᠤ ᠦᠢᠯᠡᠴᠢᠯᠡᠵᠦ᠂ ᠮᠠᠨ ᠤ ᠰᠢᠶᠠᠨ ᠤ ᠴᠠᠭ | ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ | ᠬᠥᠭᠵᠢᠯᠲᠡ ᠶᠢᠨ ᠬᠥᠲᠥᠯᠪᠦᠷᠢ ︵2022 — 2035 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2022 ︺ 11 ᠳ᠋ᠦᠭᠡᠷ ᠲᠣᠭᠠᠲᠤ︶᠂ ︽ | ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ | 2021 ︺ 16 ᠳ᠋ᠤᠭᠠᠷ ᠲᠣᠭᠠᠲᠤ︶ ᠪᠠ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ | ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠲᠠᠷᠬᠠᠭᠠᠭᠰᠠᠨ ︹ 2022 ︺ | 100 ᠳ᠋ᠤᠭᠠᠷ ᠲᠣᠭᠠᠲᠤ︶ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ | ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ | ᠱᠦᠵᠢ ᠶᠢᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠪᠠ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ | ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠢᠨᠠᠨ | ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠣᠨᠣᠪᠴᠢᠲᠠᠢ᠂ ᠦᠢᠯᠡᠴᠢᠯᠡᠭᠡ ᠨᠢ ᠨᠠᠷᠢᠯᠢᠭ ᠪᠠᠶᠢᠬᠤ︾ ᠳᠤ | ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ | ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ | ᠣᠳᠣᠬᠢᠴᠢᠯᠠᠭᠰᠠᠨ ᠰᠢᠩ ᠡᡁᠧ ᠰᠢᠶᠠᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠪᠠᠲᠤ ᠪᠠᠬᠢ ᠴᠠᠭ ᠠᠭᠤᠷ ᠤᠨ | ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ᠂ ᠪᠦᠲᠦᠴᠡ ᠪᠦᠷᠢᠨ ᠲᠡᠭᠦᠯᠳᠡᠷ᠂ ᠴᠢᠳᠠᠮᠵᠢ ᠲᠡᠷᠢᠭᠦᠨ ᠤ᠂ ᠪᠠᠲᠤᠯᠠᠭ᠎ᠠ ᠬᠦᠴᠦᠨ ᠪᠥᠬᠦᠶ ᠣᠲᠣ ᠦᠶ᠎ᠡ ᠶᠢᠨ | ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ | ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ | ᠴᠠᠷᠠᠭ᠎ᠠ ᠶᠢ ᠪᠥᠬᠦ ᠬᠤᠲᠠ ᠳᠤ ᠲᠦᠷᠦᠭᠦᠯᠡᠵᠦ᠂ ᠴᠠᠭ ᠠᠭᠤᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ | ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ᠂ ᠢᠯᠡ ᠲᠣᠳᠣ ᠣᠨᠴᠠᠯᠢᠭ ᠲᠠᠢ᠂ ᠲᠡᠷᠢᠭᠦᠨ ᠤ ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠴᠠᠭ ᠠᠭᠤᠷ ᠤᠨ ᠣᠳᠣᠬᠢᠴᠢᠯᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ | ᠡᠨᠧᠷᠭᠢ ᠣᠯᠭᠤᠬᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ | 1 . ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠰᠢᠶᠠᠨ ᠰᠢᠶᠠᠩ ᠬᠤᠶᠠᠷ ᠱᠠᠲᠤᠨ ᠤ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ | ᠮᠥᠴᠢᠷ ᠬᠠᠮᠲᠤᠷᠠᠨ ᠬᠥᠳᠡᠯᠦᠯᠴᠡᠬᠦ᠂ ᠨᠡᠶᠢᠭᠡᠮ ᠤᠨ ᠬᠢᠨ ᠣᠷᠣᠯᠴᠠᠬᠤ︾ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠱᠠᠲᠤ | ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ | ᠠᠬᠤᠶ᠂ ᠵᠠᠮ ᠬᠠᠷᠢᠯᠴᠠᠭ᠎ᠠ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ᠂ ᠠᠮᠢ ᠠᠬᠤᠶ ᠶᠢᠨ ᠣᠷᠴᠢᠨ ᠲᠣᠭᠤᠷᠢᠨ᠂ | ᠪᠠᠶᠢᠭᠠᠯᠢ ᠶᠢᠨ ᠡᠬᠢ ᠪᠠᠶᠠᠯᠢᠭ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ | ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳᠯᠡᠬᠦ ᠪᠠ | ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ | ᠴᠠᠭ ᠠᠭᠤᠷ ᠤᠨ ᠭᠠᠮᠰᠢᠭ ᠤᠨ ᠠᠵᠢᠯ ᠦᠢᠯᠡᠳᠪᠦᠷᠢᠯᠡᠯ ᠢᠶᠠᠨ ᠵᠣᠭᠰᠣᠭᠠᠬᠤ ᠬᠢᠴᠢᠶᠡᠯ ᠢᠶᠠᠨ ᠵᠣᠭᠰᠣᠭᠠᠬᠤ ᠠᠵᠢᠯᠯᠠᠬᠤ ᠪᠠᠨ | ᠵᠣᠭᠰᠣᠭᠠᠬᠤ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠶ᠃ | ᠲᠦᠷᠦᠭᠦᠯᠡᠨ ᠬᠢᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ | ᠲᠣᠪᠴᠢᠶ᠎ᠠ | ᠬᠠᠮᠵᠢᠯᠴᠠᠬᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ | ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ᠃ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠢᠢᠳᠪᠦᠷᠢᠯᠡᠬᠦ ᠠᠷᠭᠠᠴᠠᠬᠤ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠎ᠠ᠃ ᠪᠦᠬᠦ ᠰᠢᠶᠠᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ︽ᠰᠢᠩ ᠾᠧ | ᠰᠢᠶᠠᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ | ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠴᠠᠭ | ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ | ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 3. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠲᠣᠣᠷ ᠢ | ᠲᠡᠭᠦᠯᠳᠡᠷᠵᠢᠭᠦᠯᠦᠨ᠎ᠡ᠃ ᠰᠢᠶᠠᠨ ᠰᠢᠶᠠᠩ ᠬᠤᠶᠠᠷ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠴᠠᠭ ᠠᠭᠤᠷ ᠤᠨ | ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡ ᠶᠢ ᠥᠷᠨᠢᠭᠦᠯᠦᠨ᠎ᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠵᠦ᠂ ᠤᠯᠤᠰ ᠤᠨ ᠭᠡᠨᠡᠳᠲᠡ ᠶᠢᠨ ᠬᠡᠷᠡᠭ ᠢ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠠᠯᠠᠭ᠎ᠠ ᠮᠥᠴᠢᠷ ᠤᠨ ᠬᠤᠭᠤᠷᠣᠨᠳᠣᠬᠢ | ᠵᠥᠭᠡᠯᠡᠨ ᠬᠠᠲᠠᠭᠤ ᠬᠡᠷᠡᠭᠰᠡᠯ ᠲᠠᠢ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ᠪᠠ ᠲᠠᠬᠢᠨ ᠤᠯᠠᠮᠵᠢᠯᠠᠨ ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠷᠪᠠᠨ ᠶᠡᠭᠡ | ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠪᠠ ᠪᠦᠬᠦ ᠰᠦᠯᠵᠢᠶᠡᠨ ᠳᠤ ᠰᠦᠢᠳᠬᠡᠯ ᠬᠤᠷᠢᠶᠠᠬᠤ ᠦᠭᠡᠢ ᠪᠠᠷ | ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠣᠰᠬᠤᠨ | ︵ᠨᠡᠶᠢᠭᠡᠮ ᠲᠣᠭᠤᠷᠢᠭ︶ ᠤ ᠡᠷᠦᠬᠡ ᠬᠥᠮᠦᠨ ᠪᠦᠷᠢ ᠳᠤ ᠬᠦᠷᠲᠡᠯ᠎ᠡ ᠨᠡᠶᠢᠲᠡᠯᠡᠬᠦ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠯᠵᠢᠮᠡᠯ | ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠰᠢᠶᠠᠩ | ᠪᠠᠯᠭᠠᠰᠤ | ︵ᠬᠤᠶᠠᠷ︶ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ ᠦᠢᠯᠡᠴᠢᠯᠡᠬᠦ | ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ | 4. ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ | ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ ᠰᠢᠰᠲ᠋ᠧᠮ ᠤᠨ ᠠᠮᠢ ᠠᠬᠤᠶ ᠶᠢ | ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠤᠭᠴᠠᠵᠢᠭᠤᠯᠤᠭᠰᠠᠨ ᠪᠥᠬᠦ | ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ | ᠲᠣᠤᠷ ᠢ ᠬᠠᠮᠲᠤᠷᠠᠨ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ | ᠠᠬᠤᠶ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ | ᠲᠦᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ | ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 5. ᠰᠤᠮᠤᠨ ᠠᠭᠤᠯᠠ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠠᠭ ᠠᠭᠤᠷ ᠤᠨ | ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ᠃ ᠰᠤᠮᠤᠨ ᠠᠭᠤᠯᠠ᠂ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠣᠠᠠᠴᠠᠵᠢᠭᠤᠯᠥᠠᠠᠰᠠᠨ ᠪᠥᠬᠦ ᠣᠷᠣᠨ | ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠶᠢᠨ | ᠲᠣᠤᠷ ᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠶᠠᠰᠤ ᠴᠢᠨᠠᠷ ᠪᠠ ᠠᠮᠢ ᠠᠬᠤᠶ ᠶᠢᠨ ᠴᠢᠳᠠᠮᠵᠢ ᠶᠢ | ᠰᠡᠷᠭᠦᠭᠡᠬᠦ ᠴᠠᠭ ᠠᠭᠤᠷ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠤᠨ ᠠᠮᠢ | ᠠᠬᠤᠶ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠤᠭᠤᠯᠠᠶ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ | ᠰᠢᠶᠠᠩ ᠪᠠᠯᠭᠠᠰᠤ | 6. ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠤᠯᠬᠤ ᠳᠤ ᠰᠢᠨᠵᠢᠯᠡᠬᠦ ᠤᠬᠠᠭᠠᠨᠴᠢ ᠪᠠᠷ ᠬᠦᠴᠦᠨ | ᠨᠡᠮᠡᠷᠢᠯᠡᠨ᠎ᠡ᠃ ᠣᠷᠴᠢᠨ ᠲᠣᠭᠤᠷᠢᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠨᠠᠷᠢᠯᠢᠬᠵᠢᠭᠤᠯᠤᠭᠰᠠᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠲᠠ ᠬᠥᠳᠡᠭᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠦᠷᠢᠯᠳᠦᠯ ᠤᠨ ᠵᠢᠮ᠎ᠡ ᠶᠣᠰᠣ ᠵᠢᠴᠢ ᠵᠠᠰᠠᠬᠤ ᠠᠷᠭ᠎ᠠ ᠬᠡᠮᠵᠢᠶ᠎ᠡ ᠶᠢᠨ ᠰᠤᠳᠤᠯᠤᠯ ᠢ ᠥᠷᠨᠢᠭᠦᠯᠵᠦ᠂ ᠣᠷᠴᠢᠨ ᠲᠣᠭᠤᠷᠢᠨ ᠤ | ᠠᠰᠠᠭᠤᠳᠠᠯ ᠢ ᠵᠠᠰᠠᠬᠤ ᠳᠤᠮᠳᠠᠬᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠤᠷᠢᠳᠠᠴᠢ ᠦᠢᠯᠡᠳᠦᠯ ᠢ | ᠪᠠᠳᠠᠷᠠᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ | 7᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠠ ᠲᠦᠢᠯ ᠤᠨ ᠠᠭᠤᠷ ᠠᠮᠢᠰᠬᠤᠯ ᠤᠨ ᠬᠡᠷᠡᠭ ᠢ ᠦᠨᠡᠯᠡᠨ | ᠵᠢᠱᠢᠬᠦ ᠶᠢ ᠴᠢᠩᠭᠠᠳᠬᠠᠵᠤ᠂ ᠰᠢᠩ ᠾᠧ ᠰᠢᠶᠠᠨ ᠤ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠤᠨᠴᠠᠯᠢᠭᠳᠤ ᠭᠦᠢᠴᠡᠳᠬᠡᠬᠦ ᠲᠤᠭ᠎ᠠ ᠶᠢᠨ ᠰᠤᠳᠤᠯᠭᠠᠨ ᠢ ᠥᠷᠨᠢᠭᠦᠯᠦᠨ᠎ᠡ᠃ ᠴᠠᠭᠠᠨ ᠨᠠᠭᠤᠷ ᠤᠨ ᠰᠠᠪᠠ ᠭᠠᠵᠠᠷ ᠤᠨ ᠠᠮᠢ | ᠠᠬᠤᠶ ᠶᠢᠨ ᠠᠭᠤᠷ ᠠᠮᠢᠰᠬᠤᠯ ᠤᠨ ᠳᠠᠭᠠᠭᠠᠴᠠ ᠶᠢ ᠦᠨᠡᠯᠡᠨ ᠵᠢᠱᠢᠬᠦ ᠦᠢᠯᠡᠴᠢᠯᠡᠭᠡ ᠶᠢ ᠠᠬᠢᠭᠤᠯᠵᠤ᠂ ᠠᠮᠤ ᠪᠤᠳᠠᠭᠠᠨ ᠤ | ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠠᠵᠤ ᠦᠢᠯᠡᠴᠢᠯᠡᠭᠡ ᠤᠨ ᠪᠠᠶᠢᠷᠢᠰᠢᠭᠤᠯᠤᠯᠲᠠ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠵᠦ ᠦᠨᠡᠯᠡᠨ ᠵᠢᠱᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠬᠢᠨ | ᠴᠠᠬᠢᠯᠭᠠᠨ ᠤ ᠴᠢᠳᠠᠯ ᠪᠠ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ | ᠬᠡᠷᠡᠭᠯᠡᠯᠲᠡ ᠶᠢ ᠥᠷᠨᠢᠭᠦᠯᠵᠦ᠂ ᠰᠠᠯᠬᠢᠨ ᠡᠨᠧᠷᠭᠢ ᠶᠢᠨ ᠨᠡᠷᠡᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠲᠥᠯᠥᠪᠵᠢᠭᠦᠯᠭᠡ᠂ ᠭᠤᠣᠯᠳᠠᠯᠭ᠎ᠠ ᠲᠠᠢ | ᠢᠨᠵᠧᠨᠧᠷᠢᠩ ᠤᠨ ᠲᠦᠷᠦᠯ ᠵᠦᠢᠯ ᠵᠡᠷᠭᠡ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯᠲᠠ ᠶᠢ ᠲᠦᠯᠬᠢᠨ ᠠᠬᠢᠭᠤᠯᠤᠨ᠎ᠠ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠡᠯ᠎ᠡ ᠰᠢᠶᠠᠩ ᠪᠠᠯᠭᠠᠰᠤ | ︵ᠭᠤᠷᠪᠠ︶ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠪᠣᠯᠤᠨ ᠠᠭᠤᠷ ᠠᠮᠢᠰᠬᠤᠯ ᠤᠨ ᠡᠬᠢ ᠪᠠᠶᠠᠯᠢᠭ | ᠴᠠᠭ ᠠᠭᠤᠷ ᠤᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠪᠠ | 8᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡᠨ ᠤ | ᠴᠢᠳᠠᠪᠤᠷᠢ ᠶᠢ ᠰᠢᠶᠠᠩ ᠪᠠᠯᠭᠠᠰᠤᠨ ᠳᠤ ᠬᠦᠷᠬᠦ ᠴᠠᠭ ᠠᠭᠤᠷ ᠤᠨ ᠭᠠᠮᠰᠢᠭ ᠵᠢᠴᠢ ᠳᠤᠮᠳᠠ ᠵᠢᠵᠢᠭ ᠭᠤᠣᠯ ᠮᠥᠷᠡᠨ ᠤ | ᠦᠶᠡᠷ ᠤᠨ ᠤᠰᠤ᠂ ᠠᠭᠤᠯᠠᠨ ᠦᠶᠡᠷ ᠪᠠ ᠭᠠᠵᠠᠷ ᠤᠨ ᠭᠠᠮᠰᠢᠭ ᠤᠨ ᠴᠠᠭ ᠠᠭᠤᠷ ᠤᠨ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ᠂ ᠠᠮᠤᠷ ᠲᠠᠶᠢᠪᠤᠩ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠰᠤᠮᠤᠨ | ᠠᠭᠤᠯᠠ ᠶᠢᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ ᠢ ᠡᠭᠦᠳᠴᠦ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ | ᠵᠤᠰᠠᠯᠠᠩ ᠤᠨ ᠬᠤᠲᠠ︾ ᠶᠢᠨ ᠠᠭᠤᠷ ᠠᠮᠢᠰᠬᠤᠯ ᠤᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠤᠨᠴᠠᠯᠢᠭᠳᠤ ᠲᠡᠵᠢᠭᠡᠨ ᠦᠷᠡᠵᠢᠭᠦᠯᠬᠦ ᠦᠢᠯᠡᠰ ᠤᠨ ᠴᠠᠭ ᠠᠭᠤᠷ ᠤᠨ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ | ᠲᠠᠯ᠎ᠠ ᠪᠠᠷ ᠬᠦᠴᠦᠨ ᠨᠡᠮᠡᠷᠢᠯᠡᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ | 9 . ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠪᠠᠶᠢᠷᠢᠰᠢᠭᠤᠯᠤᠯᠲᠠ ᠶᠢᠨ ᠲᠣᠭᠤᠷᠢᠨ ᠳᠤ ᠣᠷᠭᠠᠨᠢᠭ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ᠂ ᠳᠡᠭᠡᠰᠦ ᠲᠡᠰ ᠤᠨ ᠮᠠᠯ | ᠠᠵᠤ ᠠᠬᠤᠢ᠂ ᠣᠨᠴᠠᠯᠢᠭᠲᠤ ᠠᠮᠢ ᠠᠬᠤᠢ ᠶᠢᠨ ᠠᠵᠤ ᠦᠢᠯᠡᠰ ᠲᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠴᠠᠭ | ᠠᠭᠤᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠷᠢᠯᠢᠭᠵᠢᠭᠤᠯᠤᠭᠰᠠᠨ᠂ | ᠲᠣᠭᠲᠠᠭᠠᠭᠰᠠᠨ᠂ ᠰᠢᠭᠤᠳ ᠨᠡᠪᠲᠡᠷᠡᠬᠦ ᠮᠠᠶ ᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ | ᠦᠢᠯᠡᠴᠢᠯᠡᠭᠡᠨ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠲᠤᠰᠬᠠᠶ ᠠᠵᠢᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠲᠥᠮᠥᠰᠥ᠂ | ᠨᠣᠬᠠᠶ ᠶᠢᠨ ᠬᠤᠰᠢᠭᠤ ᠵᠡᠷᠭᠡ ᠣᠨᠴᠠᠯᠢᠭᠲᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠴᠠᠭ | ᠠᠭᠤᠷ ᠤᠨ ᠨᠥᠬᠦᠴᠡᠯ ᠤᠨ ᠲᠦᠬᠦᠭᠡᠷᠦᠮᠵᠢᠲᠦ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤ | ︵ᠲᠥᠷᠪᠡ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠣᠷ ᠠᠴᠠ ᠵᠠᠶᠢᠯᠠᠬᠤ ᠦᠢᠯᠡᠴᠢᠯᠡᠭᠡᠨ ᠤ ᠦᠷ᠎ᠡ ᠠᠰᠢᠭ ᠢ | ᠪᠠᠳᠠᠷᠠᠭᠤᠯᠤᠨ᠎ᠠ | 10. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨᠵᠢᠯᠡᠬᠦ | ᠤᠬᠠᠭᠠᠨᠴᠢ ᠪᠠᠷ᠂ ᠨᠠᠷᠢᠯᠢᠭ ᠣᠨᠣᠴᠠᠲᠠᠶ ᠪᠠᠷ ᠠᠵᠢᠯᠯᠠᠬᠤ ᠶᠢ ᠪᠠᠷᠢᠮᠲᠠᠯᠠᠨ᠎ᠠ᠃ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠥᠷᠲᠡᠭᠡ ᠴᠢᠬ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠵᠥᠪᠳᠡᠯᠴᠡᠬᠦ | ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠ ᠲᠥᠷᠥᠯ ᠤᠨ | ᠠᠵᠢᠭᠯᠠᠯᠲᠠ᠂ ᠳᠠᠭᠠᠭᠤᠯᠢ ᠣᠲᠣ ᠪᠠ ᠠᠦ᠋ᠲ᠋ᠣ᠋ ᠴᠠᠭ ᠠᠭᠤᠷ ᠤᠨ ᠥᠷᠲᠡᠭᠡ ᠵᠡᠷᠭᠡ ᠴᠠᠭ ᠲᠤᠬᠠᠶ ᠳᠤᠨᠢ ᠬᠠᠶᠢᠨ ᠬᠡᠮᠵᠢᠭᠰᠡᠨ | ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ | ᠤᠷᠢᠳᠴᠢᠯᠠᠨ ᠮᠡᠳᠡᠭᠡᠯᠡᠬᠦ ᠪᠠ ᠠᠵᠢᠯᠯᠠᠬᠤ ᠭᠦᠢᠴᠡᠳᠭᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ | ᠬᠤᠭᠤᠴᠠᠭᠠᠨ ᠳᠤ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠬᠤᠭᠤᠰᠣᠨ ᠭᠠᠵᠠᠷ ᠢ ᠨᠢᠭᠡ | ᠴᠤᠭᠴᠠᠵᠢᠭᠤᠯᠤᠨ ᠬᠠᠮᠲᠤᠷᠠᠨ ᠠᠵᠢᠯᠯᠠᠬᠤ ᠪᠠ ᠠᠮᠢ ᠠᠬᠤᠶ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ | ︵ᠴᠠᠰᠤ︶ ᠢ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠵᠡᠷᠭᠡ ᠶᠢ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ | ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ ᠲᠡᠮᠡᠴᠡᠵᠦ | ᠭᠠᠮᠰᠢᠭ ᠢ ᠪᠠᠭᠠᠰᠬᠠᠬᠤ ᠵᠡᠷᠭᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠲᠦᠷᠦᠭᠦᠯᠡᠬᠦ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 11. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠠᠵᠢᠯᠯᠠᠬᠤ ᠴᠢᠬ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ ᠤᠶᠤᠨᠴᠢᠯᠠᠨ | ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ | ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠥᠷᠲᠡᠭᠡ ᠴᠢᠬ᠂ ᠲᠣᠨᠤᠭ | ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠬᠠᠮᠵᠢᠯᠴᠠᠬᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ | ᠪᠠᠯᠭᠠᠰᠤ | ︵ᠲᠠᠪᠤ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | 12. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ | ᠬᠤᠪᠢᠶᠠᠷᠢᠯᠠᠬᠤ ᠶᠢ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠲᠣᠣᠷ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ | ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠶ ᠭᠠᠮᠰᠢᠭ ᠤᠨ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠶᠢ ᠥᠷᠨᠢᠭᠦᠯᠵᠦ᠂ ᠶᠡᠭᠡ ᠰᠠᠯᠬᠢ᠂ ᠮᠥᠰᠥ ᠬᠤᠴᠢᠬᠤ᠂ ᠳᠣᠤᠷ᠎ᠠ ᠳᠤᠯᠠᠭᠠᠨ ᠮᠥᠰᠥ ᠬᠥᠯᠳᠡᠬᠦ ᠵᠡᠷᠭᠡ ᠴᠠᠭ | ᠠᠭᠤᠷ ᠤᠨ ᠭᠠᠶ ᠭᠠᠮᠰᠢᠭ ᠢ ᠨᠥᠯᠥᠭᠡᠯᠡᠬᠦ ᠲᠦᠭᠰᠢᠭᠦᠷᠢ ᠶᠢᠨ ᠭᠦᠢᠴᠡᠳᠭᠡᠯ ᠲᠤᠭ᠎ᠠ ᠶᠢᠨ ᠰᠢᠰᠲ᠋ᠧᠮᠵᠢ ᠪᠠ ᠭᠠᠮᠰᠢᠭ | ᠡᠭᠦᠰᠭᠡᠬᠦ ᠬᠡᠪᠴᠢᠶ᠎ᠡ ᠶᠢ ᠪᠠᠶᠢᠭᠤᠯᠤᠨ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ | ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠪᠥᠬᠦ ᠶᠠᠪᠤᠴᠠ ᠶᠢᠨ ᠴᠠᠭ | ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠠᠭ | ᠠᠭᠤᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠡᠨᠧᠷᠭᠢ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠡᠯ᠎ᠡ ᠰᠢᠶᠠᠩ ᠪᠠᠯᠭᠠᠰᠤ | 13. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠴᠠᠭ ᠠᠭᠤᠷ ᠢ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠬᠤᠲᠠ | ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ ᠠᠷᠢᠯᠭᠠᠬᠤ ᠵᠡᠷᠭᠡ | ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠠ᠃ ᠬᠤᠲᠠ ᠪᠠᠯᠭᠠᠰᠤᠨ ᠤ ᠤᠰᠤᠲᠤᠯ ᠢ ᠬᠢᠨᠠᠨ | ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠲᠠ ᠪᠠᠯᠭᠠᠰᠤᠨ ᠤ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠴᠠᠭ ᠠᠭᠤᠷ ᠤᠨ ᠦᠢᠯᠡᠴᠢᠯᠡᠭᠡ ᠶᠢ ᠤᠶᠤᠨᠲᠤ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠠᠭᠤᠰᠬᠠᠨ ᠣᠷᠣᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ | 14. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ ᠰᠢᠩ ᠾᠧ ᠰᠢᠶᠠᠨ ᠤ | ᠴᠠᠭ ᠠᠭᠤᠷ ᠤᠨ ᠭᠤᠣᠯ ᠰᠡᠳᠦᠪᠲᠦ ᠴᠡᠴᠡᠷᠯᠢᠭ ᠢ ᠪᠦᠳᠦᠭᠡᠨ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ | ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷᠰᠢᠮᠠᠲᠠᠭᠠᠶ ᠴᠢᠨᠠᠷ᠂ ᠬᠠᠯᠳᠠᠪᠤᠷᠢᠲᠤ ᠴᠢᠨᠠᠷ ᠬᠢᠭᠡᠳ ᠴᠠᠭ ᠠᠭᠤᠷ ᠤᠨ | ᠪᠠᠺᠲ᠋ᠧᠷᠢ ᠤᠨ ᠬᠠᠷᠢᠯᠴᠠᠨ ᠬᠤᠯᠪᠣᠭᠳᠠᠬᠤ ᠴᠢᠨᠠᠷ ᠤᠨ ᠰᠤᠳᠤᠯᠭᠠᠨ ᠢ ᠥᠷᠨᠢᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠴᠠᠭ | ᠠᠭᠤᠷ ᠤᠨ ᠲᠦᠭᠰᠢᠭᠦᠷᠢ ᠶᠢᠨ ᠦᠢᠯᠡᠴᠢᠯᠡᠭᠡ ᠪᠠ ᠦᠷ᠎ᠡ ᠠᠰᠢᠭ ᠤᠨ ᠦᠨᠡᠯᠡᠨ ᠵᠢᠱᠢᠯᠲᠡ ᠶᠢ ᠰᠦᠪᠡᠭᠴᠢᠯᠡᠨ᠎ᠡ᠃ ᠠᠷᠠᠳ | ᠤᠯᠠᠨ ᠤ ᠠᠮᠢᠳᠤᠷᠠᠯ ᠤᠨ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠨᠠᠷᠢᠯᠢᠬᠵᠢᠭᠤᠯᠤᠭᠰᠠᠨ ᠬᠡᠷᠡᠭᠴᠡᠭᠡ ᠶᠢ ᠬᠠᠩᠭᠠᠬᠤ ᠤᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠢᠶᠠᠩ ᠪᠠᠯᠭᠠᠰᠤ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 15. ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠴᠢᠩᠭᠠᠷᠠᠭᠤᠯᠤᠨ᠎ᠠ᠃ ᠨᠡᠶᠢᠭᠡᠮ ᠤᠨ ᠬᠡᠷᠡᠭᠴᠡᠭᠡ ᠪᠠ ᠴᠠᠭ ᠠᠭᠤᠷ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠪᠠᠷ | ᠵᠣᠭᠰᠣᠴᠠ ᠪᠣᠯᠭᠠᠵᠤ᠂ ᠬᠡᠷᠡᠭᠯᠡᠭᠡᠨ ᠤ ᠴᠠᠭ ᠠᠭᠤᠷ ᠤᠨ ᠰᠠᠭᠤᠷᠢ ᠰᠤᠳᠤᠯᠭᠠᠨ ᠪᠠ ᠴᠠᠭ ᠠᠭᠤᠷ ᠤᠨ ᠤᠷᠢᠳᠴᠢᠯᠠᠨ | ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠭᠠᠨ ᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ | ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶ | ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ᠃ | ᠠᠮᠢ ᠠᠬᠤᠶ ᠶᠢᠨ ᠴᠠᠭ ᠠᠭᠤᠷ᠂ ᠳᠠᠭᠠᠭᠤᠯᠢ ᠤᠳᠤᠨ ᠤ ᠠᠯᠤᠰ ᠰᠡᠷᠡᠯᠲᠡ᠂ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ᠂ | ︽ᠴᠠᠭ ᠠᠭᠤᠷ + ᠠᠵᠢᠯ ᠲᠦᠷᠦᠯ︾ ᠤᠨ ᠦᠢᠯᠡᠴᠢᠯᠡᠭᠡᠨ ᠤ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ | 16. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠤᠰᠤᠨ | ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠠᠵᠢᠯ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠴᠠᠭ ᠠᠭᠤᠷ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠠᠮᠵᠢᠯᠴᠠᠨ ᠰᠢᠨ᠎ᠡ ᠶᠢ ᠡᠭᠦᠳᠬᠦ | ᠲᠠᠪᠴᠠᠩ ᠢ ᠪᠠᠶᠢᠭᠤᠯᠵᠤ᠂ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠶᠢ ᠬᠠᠮᠲᠤᠷᠠᠨ ᠰᠢᠪᠲᠤᠯᠵᠤ᠂ | ︽ᠲᠠᠯ᠎ᠠ ᠨᠤᠲᠤᠭ ᠤᠨ ᠡᠭᠦᠯᠡᠨ ᠬᠥᠨᠳᠡᠶ︾ ᠶᠢᠨ ᠲᠣᠮᠣ ᠳ᠋ᠠᠶᠢᠲ᠋ᠠ ᠳᠤ ᠲᠦᠰᠢᠭᠯᠡᠨ᠂ ᠴᠠᠭ ᠠᠭᠤᠷ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ | ︵ᠲᠤᠯᠤᠭ᠎ᠠ︶ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | 17. ᠭᠤᠤᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠤᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠮᠢ ᠠᠬᠤᠶ᠂ ᠲᠠᠷᠢᠶᠠᠯᠠᠩ᠂ ᠨᠤᠲᠤᠭ ᠪᠡᠯᠴᠢᠭᠡᠷ᠂ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠴᠠᠭ ᠠᠭᠤᠷ ᠢ ᠠᠵᠢᠭᠯᠠᠨ ᠬᠡᠮᠵᠢᠬᠦ ᠲᠤᠰᠬᠠᠶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠥᠷᠲᠡᠭᠡᠨ ᠤ ᠬᠤᠭᠤᠷᠣᠨᠳᠣᠬᠢ ᠳᠤᠮᠳᠠᠴᠢ ᠵᠠᠶ ᠶᠢ 10 ᠺᠢᠯᠣᠮᠧᠲᠷ ᠣᠷᠴᠢᠮ ᠳᠤ ᠬᠦᠷᠭᠡᠨ᠎ᠡ᠃ ᠴᠠᠭ ᠠᠭᠤᠷ ᠤᠨ | ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤ | 18. ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠲᠥᠰᠦᠭᠡᠯᠡᠬᠦ ᠶᠢᠨ ᠣᠨᠣᠪᠴᠢ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠲᠤᠭ᠎ᠠ ᠬᠡᠮᠵᠢᠭᠳᠡᠯ ᠢ ᠤᠷᠢᠳᠴᠢᠯᠠᠨ ᠮᠡᠳᠡᠭᠡᠯᠡᠬᠦ ᠪᠠᠷ ᠭᠤᠤᠯ ᠪᠣᠯᠭᠠᠨ᠂ ᠰᠢᠯᠭᠠᠨ ᠪᠠᠶᠢᠴᠠᠭᠠᠵᠤ | ᠦᠨᠡᠯᠡᠨ ᠵᠢᠱᠢᠬᠦ ᠪᠠᠷ ᠤᠳᠤᠷᠢᠳᠤᠮᠵᠢ ᠪᠣᠯᠭᠠᠵᠤ᠂ ᠴᠢᠩᠭ᠎ᠠ ᠰᠣᠯᠢᠭ ᠤᠷᠤᠰᠬᠠᠯ ᠤᠨ ᠣᠬᠤᠷ ᠴᠠᠭ ᠤᠨ ᠤᠷᠢᠳᠴᠢᠯᠠᠨ | ᠮᠡᠳᠡᠭᠡᠯᠡᠬᠦ ᠲᠤᠬᠠᠶᠢᠯᠠᠭᠰᠠᠨ ᠠᠵᠢᠯ ᠢ ᠴᠢᠩᠭᠠᠳᠬᠠᠨ᠂ ᠭᠠᠮᠰᠢᠭᠲᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ | ᠨᠠᠷᠢᠯᠢᠬᠵᠢᠯᠲᠠ ᠪᠠ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠬᠡᠮ ᠬᠡᠮᠵᠢᠶ᠎ᠡ ᠲᠠᠢ ᠭᠠᠮᠰᠢᠭᠲᠤ ᠴᠢᠨᠠᠷ᠂ | ᠬᠡᠲᠦᠷᠡᠮᠡᠬᠡᠶ ᠴᠢᠨᠠᠷ᠂ ᠥᠨᠳᠥᠷ ᠨᠥᠯᠥᠭᠡ ᠲᠠᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠨᠥᠯᠥᠭᠡᠨ ᠳᠤ ᠰᠠᠭᠤᠷᠢᠯᠠᠭᠰᠠᠨ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠳᠤ | ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠴᠠᠭ ᠠᠭᠤᠷ ᠤᠨ ᠬᠢᠨᠠᠨ | ᠬᠡᠮᠵᠢᠯᠲᠡ ᠶᠢᠨ ᠤᠷᠢᠳᠴᠢᠯᠠᠭᠰᠠᠨ ᠮᠡᠳᠡᠭᠡ ᠺᠢᠯᠣᠮᠧᠲᠷ ᠤᠨ ᠲᠠᠰ ᠲᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ | ᠠᠭᠤᠷ ᠤᠨ ᠰᠡᠷᠡᠮᠵᠢᠯᠡᠭᠦᠯᠦᠯ ᠤᠨ ᠤᠷᠢᠳᠴᠢᠯᠠᠭᠰᠠᠨ ᠬᠡᠮᠵᠢᠶ᠎ᠡ 50 ᠮᠢᠨᠦ᠋ᠲ ᠠᠴᠠ ᠬᠡᠲᠦᠷᠡᠵᠡᠶ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | 19. ᠣᠶᠤᠨᠴᠢ ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠦᠢᠯᠡᠳᠬᠦᠨ ᠤ ᠣᠶᠤᠨᠴᠢ ᠦᠢᠯᠡᠳᠬᠦ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠥᠪᠡᠷᠮᠢᠴᠡ᠂ ᠦᠵᠡᠭᠳᠡᠯᠲᠦ ᠮᠡᠷᠭᠡᠵᠢᠯ ᠢ ᠣᠷᠣᠭᠤᠯᠤᠨ ᠠᠪᠴᠢᠷᠠᠵᠤ᠂ ᠬᠡᠷᠡᠭᠴᠡᠭᠡ ᠪᠠᠷ ᠨᠢ | ᠦᠢᠯᠡᠴᠢᠯᠡᠭᠡᠨ ᠢ ᠬᠦᠷᠭᠡᠬᠦ ᠬᠡᠷᠡᠭᠲᠡᠶ᠃ ᠣᠯᠠᠨ ᠢᠷᠡᠯᠲᠡ ᠲᠠᠢ ᠲᠤᠭ᠎ᠠ ᠪᠠᠷᠢᠮᠲᠠ ᠶᠢᠨ ᠣᠶᠤᠨᠴᠢ ᠰᠢᠢᠳᠪᠦᠷᠢᠳᠦ | ᠪᠣᠳᠣᠯᠭ᠎ᠠ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠨᠥᠯᠥᠭᠡ ᠳᠤ ᠰᠠᠭᠤᠷᠢᠯᠠᠭᠰᠠᠨ ᠠᠵᠢᠯ | ᠲᠥᠷᠥᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | 20. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠩ ᠾᠧ | ᠰᠢᠶᠠᠨ ᠤ ᠲᠣᠭᠠᠴᠢᠯᠠᠭᠰᠠᠨ ᠠᠵᠤ ᠠᠬᠤᠶ ᠶᠢᠨ ᠲᠣᠭᠤᠷᠢᠨ ᠳᠤ᠂ ︽ᠲᠠᠯ᠎ᠠ ᠨᠤᠲᠤᠭ ᠤᠨ ᠡᠭᠦᠯᠡᠨ ᠬᠥᠨᠳᠡᠶ︾ ᠲᠣᠮᠣ | ᠳ᠋ᠠᠶᠢᠲ᠋ᠠ ᠳᠤ ᠲᠦᠰᠢᠭᠯᠡᠨ᠂ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠲᠤᠯᠭᠠᠭᠤᠷᠢᠯᠠᠯ᠂ ᠮᠡᠷᠭᠡᠵᠢᠯ ᠲᠣᠨᠣᠭᠯᠠᠯ ᠤᠨ | ᠪᠠᠲᠤᠯᠠᠭ᠎ᠠ᠂ ᠴᠠᠭ ᠠᠭᠤᠷ ᠤᠨ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ | ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠢᠶᠠᠩ | ᠪᠠᠯᠭᠠᠰᠤ | 21. ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ ᠴᠠᠭ | ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠲᠤᠰᠬᠠᠶ | ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠴᠢᠳᠠᠪᠤᠷᠢᠲᠠᠨ ᠢ ᠰᠢᠶᠠᠨ ᠤ ᠵᠠᠰᠠᠭ ᠤᠨ | ᠣᠷᠳᠣᠨ ᠤ ᠭᠤᠣᠯᠳᠠᠯᠭ᠎ᠠ ᠲᠠᠢ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ | ᠬᠥᠮᠦᠵᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠡᠯ᠎ᠡ ᠰᠢᠶᠠᠩ ᠪᠠᠯᠭᠠᠰᠤ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠬᠤ ᠬᠡᠷᠡᠭᠲᠡᠶ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠴᠠᠭ ᠠᠭᠤᠷ ᠤᠨ ᠦᠢᠯᠡᠰ ᠤᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠵᠣᠬᠢᠶᠠᠨ ᠪᠠᠶᠢᠭᠤᠯᠵᠤ | ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ᠰᠢᠩ ᠡᡁᠧ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠬᠦ ᠬᠡᠷᠡᠭᠲᠡᠢ᠃ | ᠳᠤᠭᠤᠶᠢᠯᠠᠩ ᠤᠨ ᠳᠠᠷᠤᠭ᠎ᠠ᠄ ᠬᠥᠩ ᠰᠢᠤ ᠯᠦᠩ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠹᠠᠨ ᠵᠧᠨ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ | ᠡᠷᠬᠢᠯᠡᠭᠴᠢ | ᠵᠠᠩ ᠪᠦᠦ ᠰᠢᠶᠠᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠶᠠᠩ ᠴᠤᠸᠠᠩ ᠶᠢᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ | ᠳ᠋ᠧᠦ ᠢᠦᠶ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠠᠲᠤ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠭᠦᠸᠧ ᠵᠢᠶᠠᠨ ᠵᠢᠶᠦ᠋ᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ | ᠶᠤᠸᠠᠨ ᠵᠧᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠵᠤᠤ ᠵᠢᠶᠦ᠋ᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ | ᠳᠠᠷᠤᠭ᠎ᠠ | ᠵᠤᠤ ᠵᠢᠶᠠᠨ ᠰᠢᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ | ᠯᠢᠦ ᠹᠸᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠵᠠᠩ ᠭᠦᠩ ᠴᠠᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠾᠧᠦ ᠽᠦᠸᠧ ᠮᠢᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠵᠦ ᠬᠠᠶ ᠯᠦᠩ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠩ ᠾᠧ ᠰᠢᠶᠠᠨ ᠤ ᠬᠤᠪᠢᠶᠠᠷᠢ | ᠲᠣᠪᠴᠢᠶ᠎ᠠ ᠶᠢᠨ ᠳᠠᠷᠤᠭ᠎ᠠ | ᠰᠦᠨ ᠵᠢᠶᠠᠩ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠬᠤᠸᠠᠩ ᡁᠢ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠠᠨ ᠵᠢᠶᠠᠨ ᠪᠢᠨ ᠰᠢᠶᠠᠨ ᠤ ᠰᠣᠶᠣᠯ ᠵᠤᠭᠠᠴᠠᠯ ᠤᠨ ᠲᠣᠪᠴᠢᠶᠠᠨ ᠤ ᠳᠠᠷᠤᠭ᠎ᠠ | ᠯᠢᠦ ᠬᠠᠶ ᠢᠦᠶ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠳᠠᠷᠤᠭ᠎ᠠ | ᠶᠠᠩ ᠢᠦᠢ ᠱᠠᠨ ᠰᠢᠶᠠᠨ ᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ | ᠾᠧᠦ ᡁᠢ ᠶᠦᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠮᠠ ᠰᠢ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠯᠢᠦ ᠹᠸᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠵᠠᠩ ᠬᠦᠢ ᠰᠢᠶᠠᠨ ᠤ ᠪᠡᠯᠡ ᠣᠷᠣᠭᠤᠯᠬᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠯᠢᠶᠠᠩ ᠵᠢᠶᠠᠨ ᠴᠢᠶᠠᠩ ᠰᠢᠶᠠᠨ ᠤ ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ᠳ᠋ᠦᠩ ᠹᠧᠩ ᠰᠢᠶᠠᠨ ᠤ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ᠯᠢᠦ ᠵᠧᠨ ᠰᠢᠶᠠᠨ ᠤ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠠᠭᠠᠭᠠᠮᠠᠯ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠭ ᠠᠭᠤᠷ ᠤᠨ ᠠᠵᠢᠯ | ᠡᠷᠭᠢᠯᠡᠭᠰᠡᠳ ᠤᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠬᠠᠷᠢᠶ᠎ᠠ ᠣᠷᠣᠨᠴᠢᠯᠠᠭᠰᠠᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠯ᠎ᠡ ᠭᠠᠵᠠᠷ ᠤᠨ ᠨᠡᠶᠢᠲᠡᠯᠡᠭᠰᠡᠨ | ᠣᠷᠣᠨ ᠨᠤᠲᠤᠭ ᠤᠨ ᠨᠡᠮᠡᠯᠲᠡ ᠨᠡᠮᠡᠭᠦᠷᠢ ᠨᠥᠬᠦᠪᠥᠷᠢ᠂ ᠠᠵᠢᠯ ᠤᠨ ᠠᠮᠵᠢᠯᠲᠠ ᠪᠦᠲᠦᠮᠵᠢ ᠳᠤ ᠴᠠᠭ ᠠᠭᠤᠷ ᠤᠨ ᠰᠠᠯᠠᠭ᠎ᠠ | ᠮᠥᠴᠢᠷ ᠤᠨ ᠠᠵᠢᠯᠲᠠᠨ ᠠᠵᠢᠯᠴᠢᠨ ᠪᠣᠯᠤᠨ ᠣᠷᠣᠨ ᠨᠤᠲᠤᠭ ᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠠᠵᠢᠯᠴᠢᠨ ᠳᠤ ᠠᠳᠠᠯᠢ ᠲᠠᠰ ᠤᠨ ᠣᠯᠭᠤᠮᠵᠢ ᠬᠦᠷᠲᠡᠭᠡᠬᠦ ᠬᠡᠷᠡᠭᠲᠡᠶ᠃ ᠴᠠᠭ ᠠᠭᠤᠷ ᠤᠨ | ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠭᠵᠢᠭᠦᠯᠬᠦ ᠳᠤ ᠬᠡᠷᠡᠭᠰᠡᠬᠦ ᠵᠠᠷᠤᠳᠠᠯ ᠢ | ᠲᠤᠰ ᠱᠠᠲᠤᠨ ᠤ ᠵᠠᠰᠠᠭ ᠤᠨ ᠣᠷᠳᠣᠨ ᠤ ᠡᠳ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ︵ᠡᠳ᠋ ᠤᠨ ᠵᠠᠰᠠᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ ᠠᠭᠤᠷ ᠤᠨ | ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠣᠷᠣᠨ ᠨᠤᠲᠤᠭ ᠤᠨ ᠴᠠᠭ ᠠᠭᠤᠷ ᠤᠨ ᠪᠠᠷᠢᠮᠵᠢᠶ᠎ᠠ ᠶᠢᠨ | ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠠᠭ ᠠᠭᠤᠷ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ︵ | ᠴᠠᠭ ᠠᠭᠤᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ | ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ | ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ | ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ︵ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |