ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ᠄ | ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠰᠢᠶᠠᠨ | ᠪᠥᠬᠦ ᠰᠢᠶᠠᠨ ᠤ ᠬᠡᠪᠴᠢᠶᠡᠨ ᠳᠤ ᠬᠤᠲᠠ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠴᠡᠭᠴᠡᠯᠡᠨ | ᠵᠠᠰᠠᠬᠤ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠠᠵᠢᠯ ᠢ ᠥᠷᠨᠢᠭᠦᠯᠵᠦ᠂ ᠲᠣᠰ ᠡᠳᠦᠷ ᠠᠴᠠ | ᠡᠬᠢᠯᠡᠨ ᠥᠷᠭᠡᠨ ᠣᠯᠠᠨ ᠰᠠᠭᠤᠭᠠᠯᠢ ᠠᠷᠠᠳ ᠠᠴᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠤᠨ | ᠰᠦᠪᠡᠭᠴᠢ ᠶᠢ ᠴᠤᠭᠯᠠᠭᠤᠯᠤᠨ᠎ᠠ᠃ ᠬᠢᠨᠠᠨ ᠬᠠᠷᠭᠤᠭᠤᠯᠤᠭᠠᠳ ᠲᠤᠰᠬᠠᠭᠰᠠᠨ ᠰᠦᠪᠡᠭᠴᠢ ᠨᠢ ᠬᠦᠨᠳᠦ ᠶᠡᠭᠡ ᠠᠮᠤᠷ | ᠲᠦᠪᠰᠢᠨ ᠤ ᠳᠠᠯᠳᠠ ᠭᠡᠮ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠦᠨ᠎ᠡ᠃ | ᠨᠢᠭᠡ᠂ ᠢᠯᠡᠴᠢᠯᠡᠨ ᠮᠡᠳᠡᠭᠦᠯᠦᠭᠰᠡᠨ ᠠᠭᠤᠯᠭ᠎ᠠ | 1. ︽ᠰᠢᠲᠠᠮᠠᠬᠠᠶ ᠬᠡᠶ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠥᠬᠡᠶ ᠪᠠᠷ | ᠳᠤᠷ᠎ᠠ ᠪᠠᠷ ᠢᠶᠠᠨ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠢᠯᠯᠠᠭ᠎ᠠ ᠬᠢᠭᠰᠡᠨ︔ | 2. ᠭᠡᠷᠡᠴᠢ ᠦᠨᠡᠮᠯᠡᠯ ᠥᠬᠡᠶ ᠬᠠᠤᠯᠢ ᠪᠤᠰᠤ ᠰᠢᠲᠠᠮᠠᠬᠠᠶ ᠬᠡᠶ ᠶᠢᠨ ᠡᠵᠡᠩᠨᠡᠯᠲᠡ ᠶᠢᠨ ᠴᠡᠭ ᠲᠤ ᠰᠢᠲᠠᠮᠠᠬᠠᠶ | ᠬᠡᠶ ᠶᠢᠨ ᠢᠷᠡᠯᠲᠡ ᠶᠢ ᠬᠠᠩᠭᠠᠭᠰᠠᠨ︔ | 3.ᠬᠡᠢ ᠶᠢᠨ ᠯᠣᠩᠬᠤ ᠶᠢ ᠬᠠᠤᠯᠢ ᠪᠤᠰᠤ ᠪᠠᠷ ᠦᠢᠯᠡᠳᠦᠭᠰᠡᠨ᠂ ᠥᠭᠡᠷᠡᠴᠢᠯᠡᠨ ᠤᠭᠰᠠᠷᠠᠭᠰᠠᠨ ᠪᠤᠶᠤ | ᠬᠤᠭᠤᠴᠠᠭ᠎ᠠ ᠬᠡᠲᠦᠷᠡᠲᠡᠯ᠎ᠡ ᠬᠡᠷᠡᠭᠯᠡᠭᠡᠳ ᠰᠢᠯᠭᠠᠨ ᠪᠠᠶᠢᠴᠠᠭᠠᠭᠰᠠᠨ ᠦᠭᠡᠢ᠂ ᠰᠢᠯᠭᠠᠨ ᠪᠠᠶᠢᠴᠠᠭᠠᠭᠠᠳ ᠬᠢᠷᠢ | ᠲᠡᠩᠴᠡᠭᠰᠡᠨ ᠦᠭᠡᠢ ᠪᠠᠶᠢᠲᠠᠯ᠎ᠠ ᠬᠠᠶᠠᠭᠳᠠᠮᠠᠯ ᠬᠡᠢ ᠶᠢᠨ ᠯᠣᠩᠬᠤᠨ ᠳᠤ ᠮᠡᠳᠡᠭᠦᠯᠦᠭᠰᠡᠨ︔ ᠠᠶᠤᠯᠭᠦᠶ ᠶᠢᠨ | ᠨᠥᠬᠦᠴᠡᠯ ᠢ ᠪᠦᠷᠢᠯᠳᠦᠭᠦᠯᠦᠭᠰᠡᠨ ᠦᠭᠡᠢ ᠲᠠᠯᠠᠪᠤᠷ ᠲᠤ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠢ ᠶᠢ | ᠳᠤᠷ᠎ᠠ ᠪᠠᠷ ᠢᠶᠠᠨ ᠬᠠᠳᠠᠭᠠᠯᠠᠭᠰᠠᠨ︔ | 4.ᠰᠢᠲᠠᠮᠠᠬᠠᠶ ᠬᠡᠢ ᠶᠢ ᠬᠤᠯᠠᠭᠠᠶᠢᠯᠠᠨ ᠬᠡᠷᠡᠭᠯᠡᠭᠰᠡᠨ︔ ᠳᠤᠷ᠎ᠠ ᠪᠠᠷ ᠢᠶᠠᠨ ᠲᠣᠰᠴᠤ᠂ ᠲᠣᠭᠲᠠᠭᠠᠯ ᠠᠴᠠ | ᠵᠥᠷᠢᠴᠡᠨ ᠡᠵᠡᠯᠡᠨ ᠳᠠᠷᠤᠵᠤ᠂ ᠭᠤᠷᠪᠠᠳᠠᠬᠢ ᠡᠲᠡᠭᠡᠳ ᠠᠴᠠ ᠪᠠᠷᠢᠯᠭ᠎ᠠ ᠪᠠᠷᠢᠵᠤ ᠪᠠᠶᠢᠭᠠᠯᠢ ᠶᠢᠨ ᠰᠢᠲᠠᠮᠠᠬᠠᠶ ᠬᠡᠶ ᠶᠢᠨ | ᠬᠤᠭᠤᠯᠠᠶ ᠶᠢ ᠡᠪᠳᠡᠭᠰᠡᠨ︔ ᠢᠳᠡᠮᠡᠬᠡᠶ ᠴᠢᠨᠠᠷᠲᠠᠶ ᠪᠣᠳᠠᠰ ᠢ ᠴᠢᠳᠬᠤᠭᠰᠠᠨ᠂ ᠭᠠᠳᠠᠭᠰᠢᠯᠠᠭᠤᠯᠤᠭᠰᠠᠨ︔ | ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠪᠣᠳᠠᠰ ᠢ ᠲᠠᠯᠪᠢᠭᠰᠠᠨ︔ | 5. ᠰᠢᠲᠠᠮᠠᠬᠠᠶ ᠬᠡᠶ ᠶᠢᠨ ᠰᠢᠲᠠᠯᠲᠠ ᠶᠢᠨ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠵᠢᠴᠢ | ᠬᠡᠷ ᠤᠨ ᠳᠣᠲᠣᠨ᠎ᠠ ᠭᠠᠳᠠᠨᠠᠬᠢ ᠰᠢᠲᠠᠮᠠᠬᠠᠶ ᠬᠡᠶ ᠶᠢᠨ ᠪᠡᠯᠡᠳᠬᠡᠮᠵᠢ᠂ ᠰᠢᠲᠠᠮᠠᠬᠠᠶ ᠬᠡᠶ ᠶᠢᠨ ᠬᠡᠮᠵᠢᠯᠲᠡ ᠶᠢᠨ | ᠲᠥᠬᠦᠭᠡᠷᠦᠮᠵᠢ ᠶᠢ ᠥᠭᠡᠷᠡᠴᠢᠯᠡᠨ ᠤᠭᠰᠠᠷᠠᠬᠤ ᠬᠢᠷᠢ ᠬᠡᠮ ᠥᠬᠡᠶ ᠪᠠᠷ ᠬᠡᠷᠡᠭᠯᠡᠭᠰᠡᠨ︔ | 6. ᠰᠢᠲᠠᠮᠠᠬᠠᠶ ᠬᠡᠶ ᠣᠷᠣᠭᠤᠯᠬᠤ ᠬᠤᠭᠤᠯᠠᠶ᠂ ᠪᠣᠰᠤᠭ᠎ᠠ ᠬᠤᠭᠤᠯᠠᠶ᠂ ᠬᠡᠪᠲᠡᠭᠡ ᠬᠠᠭᠤᠷᠠᠶ ᠬᠤᠭᠤᠯᠠᠶ ᠶᠢ | ᠠᠷᠢᠭᠤᠨ ᠴᠡᠪᠡᠷ ᠤᠨ ᠲᠠᠰᠤᠯᠭ᠎ᠠ ᠳᠤ ᠲᠣᠬᠢᠷᠠᠭᠤᠯᠤᠭᠰᠠᠨ︔ ᠤᠯᠤᠰ ᠠᠴᠠ ᠲᠣᠳᠣᠷᠬᠠᠶ ᠵᠠᠷᠯᠢᠭ ᠢᠶᠠᠷ ᠵᠠᠭᠠᠵᠠᠯᠠᠭᠰᠠᠨ | ᠰᠢᠲᠠᠮᠠᠬᠠᠶ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ᠂ ᠵᠠᠯᠭᠠᠭᠤᠷ ᠢ ᠬᠡᠷᠡᠭᠯᠡᠭᠰᠡᠨ︔ | 7. ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠨᠢ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠠᠮᠤᠷ | ᠲᠦᠪᠰᠢᠨ ᠢᠶᠠᠷ ᠠᠵᠢᠯᠯᠠᠬᠤ ᠶᠢ ᠨᠥᠯᠥᠭᠡᠯᠡᠭᠰᠡᠨ︔ ᠳᠤᠮᠳᠠ ᠳᠠᠷᠤᠯᠲᠠ ᠵᠢᠴᠢ ᠲᠡᠭᠦᠨ ᠠᠴᠠ ᠳᠡᠭᠡᠭᠰᠢᠬᠢ ᠭᠠᠵᠠᠷ | ᠳᠣᠣᠷᠠᠬᠢ ᠰᠢᠲᠠᠮᠠᠬᠠᠶ ᠬᠡᠢ ᠶᠢᠨ ᠬᠤᠭᠤᠯᠠᠶ ᠱᠤᠭᠤᠮ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠠᠷᠢᠯᠭ᠎ᠠ᠂ | ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠤᠭᠰᠠᠨ︔ | 8.ᠦᠨᠡᠮᠯᠡᠯ ᠦᠭᠡᠢ ᠪᠠᠷ ᠡᠵᠡᠩᠨᠡᠭᠰᠡᠨ᠂ ᠬᠠᠷ᠎ᠠ ᠬᠡᠢ ᠶᠢᠨ ᠴᠡᠭ᠂ ᠨᠡᠭᠦᠳᠡᠯ ᠬᠡᠢ ᠶᠢᠨ ᠫᠠᠨᠽᠠᠴᠢᠨ᠂ ᠠᠶᠤᠯ | ᠦᠭᠡᠢ ᠬᠢᠮᠢ ᠶᠢᠨ ᠪᠣᠳᠠᠰ ᠢ ᠲᠡᠭᠡᠭᠡᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠲᠡᠷᠭᠡ ᠬᠥᠰᠬᠡ ᠪᠠᠷ ᠰᠢᠲᠠᠮᠠᠬᠠᠶ | ᠬᠡᠢ ᠶᠢᠨ ᠪᠤᠯᠤᠳ ᠯᠣᠩᠬᠤ ᠲᠡᠭᠡᠭᠡᠪᠦᠷᠢᠯᠡᠭᠰᠡᠨ︔ ᠭᠠᠵᠠᠷ ᠳᠣᠤᠷᠠᠬᠢ ᠥᠷᠥᠭᠡ᠂ ᠬᠠᠭᠠᠰ ᠭᠠᠵᠠᠷ ᠳᠣᠤᠷᠠᠬᠢ | ᠥᠷᠥᠭᠡ᠂ ᠠᠭᠠᠷ ᠲᠠᠬᠢ ᠳᠠᠪᠬᠤᠷᠭ᠎ᠠ ᠵᠡᠷᠭᠡ ᠨᠢᠭᠲᠠ ᠪᠢᠲᠡᠭᠦᠮᠵᠢᠯᠡᠭᠰᠡᠨ ᠣᠷᠣᠨ ᠵᠠᠶ ᠳᠤ ᠲᠣᠭᠲᠠᠭᠠᠯ ᠠᠴᠠ | ᠵᠥᠷᠢᠴᠡᠨ ᠰᠢᠲᠠᠮᠠᠬᠠᠶ ᠬᠡᠶ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ︔ | 9.ᠰᠢᠲᠠᠮᠠᠬᠠᠢ ᠬᠡᠢ ᠶᠢᠨ ᠠᠵᠤ ᠠᠬᠤᠶᠢᠯᠠᠯ ᠰᠢᠲᠠᠮᠠᠬᠠᠢ ᠬᠡᠢ ᠶᠢᠨ ᠬᠡᠷᠡᠭᠯᠡᠭᠴᠢᠳ ᠤᠨ ᠰᠢᠲᠠᠮᠠᠬᠠᠢ ᠬᠡᠢ ᠶᠢᠨ | ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠦᠭᠡᠢ︔ | ᠰᠢᠲᠠᠮᠠᠬᠠᠶ ᠬᠡᠢ ᠶᠢᠨ ᠬᠤᠭᠤᠯᠠᠶ ᠶᠢᠨ ᠲᠥᠬᠦᠭᠡᠷᠦᠮᠵᠢ ᠳᠤ ᠰᠡᠷᠡᠮᠵᠢ ᠶᠢᠨ ᠲᠡᠮᠳᠡᠭ ᠪᠠ ᠬᠠᠮᠠᠭᠠᠯᠠᠯᠲᠠ ᠶᠢᠨ ᠲᠣᠨᠣᠭᠯᠠᠯ | ᠳᠤᠲᠠᠭᠳᠠᠵᠤ ᠪᠠᠶᠢᠬᠤ︔ | 10.ᠰᠢᠲᠠᠮᠠᠬᠠᠶ ᠬᠡᠶ ᠶᠢᠨ ᠡᠵᠡᠩᠨᠡᠭᠴᠢ ᠶᠢᠨ ᠬᠠᠩᠭᠠᠭᠰᠠᠨ ᠰᠢᠲᠠᠮᠠᠬᠠᠶ ᠬᠡᠶ ᠳᠤ ᠰᠡᠷᠡᠮᠵᠢ ᠶᠢᠨ ᠴᠢᠨᠠᠷᠲᠠᠶ | ᠦᠮᠡᠬᠡᠶ ᠦᠨᠦᠷ ᠪᠠᠶᠢᠬᠤ ᠥᠬᠡᠶ᠂ ᠡᠰᠡᠬᠦᠯ᠎ᠡ ᠲᠣᠭᠲᠠᠭᠠᠯ ᠶᠣᠰᠣᠭᠠᠷ ᠦᠮᠡᠬᠡᠶ ᠦᠨᠦᠷ ᠨᠡᠮᠡᠭᠰᠡᠨ ᠥᠬᠡᠶ︔ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ | ᠰᠢᠩ ᠾᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠄ 0474 — 7212870 | ᠰᠤᠷᠪᠤᠯᠵᠢᠯᠠᠬᠤ ᠪᠠᠷ ᠢᠷᠡᠭᠰᠡᠨ ᠪᠤᠶᠤ ᠵᠠᠬᠢᠳᠠᠯ ᠢᠷᠡᠭᠦᠯᠵᠦ ᠢᠯᠡᠴᠢᠯᠡᠨ ᠮᠡᠳᠡᠭᠦᠯᠦᠭᠰᠡᠨ ᠨᠢ᠄ | ᠰᠢᠩ ᠾᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠵᠢᠷᠭᠤᠳᠤᠭᠠᠷ ᠳᠠᠪᠬᠤᠷᠯᠢᠭ ᠤᠨ ᠠᠯᠪᠠᠨ ᠭᠡᠷ | | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | 2023 ᠣᠨ ᠤ 9 ᠰᠠᠷ᠎ᠠ ᠶᠢᠨ 15 ᠤ ᠡᠳᠦᠷ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |