ᠰᠢᠩ ᠾᠧ ᠰᠢᠶᠠᠨ᠄ ︽ᠫᠧᠩᠰᠡᠲᠦ ᠦᠵᠡᠮᠵᠢ ᠶᠢᠨ ᠠᠵᠤ ᠦᠢᠯᠡᠰ︾᠎ ᠨᠢ ᠲᠣᠰᠬᠤᠨ ᠤ ᠬᠠᠮᠲᠤ ᠶᠢᠨ ᠠᠵᠤ ᠠᠬᠤᠶ ᠶᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/9/20
     ᠰᠢᠩ ᠡᡁᠧ ᠰᠢᠶᠠᠨ ᠤ ᠬᠢᠨ ᠲᠣᠰᠬᠤᠨ ᠤ ᠪᠠᠶᠢᠳᠠᠯ ᠲᠣᠰᠬᠤᠨ ᠤ ᠪᠠᠶᠢᠳᠠᠯ ᠳᠤ ᠰᠠᠭᠤᠷᠢᠯᠠᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ ᠲᠠᠯ᠎ᠠ ᠪᠠᠷ ᠠᠷᠭ᠎ᠠ ᠰᠦᠪᠡᠭᠴᠢᠯᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
     ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠷ᠎ᠠ ᠭᠤᠤ ᠲᠣᠰᠬᠤᠨ ᠤ ᠬᠦᠯᠡᠮᠵᠢ ᠶᠢᠨ ᠬᠤᠸᠠᠷ ᠴᠡᠴᠡᠭ ᠤᠨ ᠰᠠᠭᠤᠷᠢᠨ ᠳᠤ ᠬᠦᠷᠬᠦ ᠳᠤ᠂ ᠨᠢᠭᠡ ᠫᠧᠩᠰᠡᠨ ᠫᠧᠩᠰᠡᠲᠦ ᠣᠭᠲᠠᠷᠭᠤᠢ ᠳᠤ ᠲᠦᠭᠡᠭᠰᠡᠨ ᠤᠳᠤ᠂ ᠬᠦᠷᠡᠩ ᠠᠷᠤ ᠲᠠᠢ ᠬᠤᠯᠤᠰᠤᠨ ᠲᠥᠮᠥᠰᠥ᠂ ᠨᠣᠭᠤᠭᠠᠨ ᠯᠤᠤᠪᠠᠩ ᠵᠡᠷᠭᠡ ᠬᠤᠸᠠᠷ ᠴᠡᠴᠡᠭ ᠬᠠᠷᠠᠭᠳᠠᠨ᠎ᠠ᠂ ᠫᠧᠩᠰᠡᠨ ᠳᠡᠭᠡᠷ᠎ᠡ ᠲᠡᠷᠢ ᠲᠡᠭᠰᠢ ᠰᠠᠭᠤᠯᠭᠠᠵᠤ᠂ ᠠᠵᠢᠯᠲᠠᠳ ᠡᠪᠡᠰᠦ ᠠᠷᠢᠯᠭᠠᠬᠤ᠂ ᠴᠢᠬᠢ ᠪᠤᠶᠢᠵᠢᠭᠤᠯᠬᠤ ᠪᠠᠷ ᠶᠠᠭᠠᠷᠠᠯᠳᠤᠵᠤ᠂ ᠴᠢᠬᠢ ᠮᠣᠳᠣᠨ ᠤ ᠤᠷᠭᠤᠯᠳᠠ ᠶᠢᠨ ᠪᠠᠶᠢᠳᠠᠯ ᠢ ᠪᠠᠶᠢᠴᠠᠭᠠᠵᠤ ᠪᠠᠶᠢᠯ᠎ᠠ᠃
     ︽ᠬᠠᠮᠤᠭ ᠡᠷᠲᠡ ᠳᠡᠭᠡᠨ ᠪᠢᠳᠡ ᠢᠳᠡᠰᠢᠨ ᠨᠣᠭᠤᠭ᠎ᠠ ᠳᠠᠷᠢᠳᠠᠭ ᠪᠠᠶᠢᠭᠰᠠᠨ᠂ ᠪᠢᠳᠡ ᠴᠡᠴᠡᠭ ᠬᠤᠸᠠᠷ ᠪᠣᠯᠤᠨ ᠫᠧᠩᠰᠡᠲᠦ ᠦᠵᠡᠮᠵᠢ ᠶᠢ ᠲᠤᠷᠰᠢᠨ ᠳᠠᠷᠢᠭᠰᠠᠨ ᠤ ᠳᠠᠷᠠᠭ᠎ᠠ ᠦᠷ᠎ᠡ ᠠᠰᠢᠭ ᠮᠠᠰᠢ ᠢᠯᠡᠷᠬᠡᠶ ᠪᠣᠯᠵᠠᠶ᠂ ᠴᠡᠴᠡᠭ ᠬᠤᠸᠠᠷ ᠪᠣᠯᠤᠨ ᠫᠧᠩᠰᠡᠲᠦ ᠦᠵᠡᠮᠵᠢ ᠶᠢᠨ ᠭᠠᠷᠤᠯᠲᠠ ᠥᠨᠳᠥᠷ᠂ ᠦᠶᠡᠯᠡᠬᠦ ᠬᠤᠭᠤᠴᠠᠭ᠎ᠠ ᠣᠬᠤᠷ᠂ ᠢᠳᠡᠰᠢᠨ ᠨᠣᠭᠤᠭ᠎ᠠ ᠳᠠᠷᠢᠬᠤ ᠳᠤ ᠬᠠᠭᠠᠰ ᠵᠢᠯ ᠤᠨ ᠬᠤᠭᠤᠴᠠᠭ᠎ᠠ ᠬᠡᠷᠡᠭᠰᠡᠨ᠎ᠡ᠂ ᠬᠠᠷᠢᠨ ᠴᠡᠴᠡᠭ ᠬᠤᠸᠠᠷ ᠪᠣᠯᠤᠨ ᠫᠧᠩᠰᠡᠲᠦ ᠦᠵᠡᠮᠵᠢ ᠶᠢ ᠳᠠᠷᠢᠬᠤ ᠳᠤ ᠭᠤᠷᠪᠠᠭ᠋ᠠᠨ ᠰᠠᠷ᠎ᠠ ᠶᠢᠨ ᠬᠤᠭᠤᠴᠠᠭ᠎ᠠ ᠬᠡᠷᠡᠭᠰᠡᠨ᠎ᠡ᠂ ᠮᠠᠨ ᠤ ᠡᠨᠡ ᠬᠦ ᠴᠡᠴᠡᠭ ᠬᠤᠸᠠᠷ ᠪᠣᠯᠤᠨ ᠫᠧᠩᠰᠡᠲᠦ ᠦᠵᠡᠮᠵᠢ ᠶᠢᠨ ᠪᠣᠷᠣᠯᠠᠭᠤᠯᠭ᠎ᠠ ᠶᠢᠨ ᠵᠠᠮ ᠤᠨ 50%᠎ ᠶᠢ ᠭᠠᠳᠠᠭᠰᠢ ᠡᠯ᠎ᠡ ᠬᠤᠰᠢᠭᠤ ᠰᠢᠶᠠᠨ ᠪᠣᠯᠤᠨ ᠬᠤᠲᠠ ᠳᠤ ᠪᠥᠭᠡᠮ ᠢᠶᠠᠷ ᠪᠣᠷᠣᠯᠠᠭᠤᠯᠵᠤ᠂ ᠦᠯᠡᠳᠡᠭᠰᠡᠨ 50%᠎ ᠶᠢ ᠨᠢ ᠵᠢᠵᠢᠭᠯᠡᠨ ᠬᠤᠳᠠᠯᠳᠤᠨ᠎ᠠ︾ ᠭᠡᠵᠡᠶ᠃ ᠱᠧᠩ ᠵᠢᠶᠦ᠋ᠨ ᠤ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠵᠢᠶᠦ᠋ᠨ ᠰᠤᠷᠪᠤᠯᠵᠢᠯᠠᠭᠴᠢ ᠳᠤ ᠲᠠᠨᠢᠯᠴᠠᠭᠤᠯᠪᠠ᠃
     ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠷ᠎ᠠ ᠭᠤᠤ ᠲᠣᠰᠬᠤᠨ ᠤ ᠠᠷᠠᠳ ᠤᠨ ᠵᠥᠪᠯᠡᠯ ᠨᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ︽ᠲᠥᠬᠦᠭᠡᠷᠦᠮᠵᠢ ᠶᠢ ᠲᠦᠷᠢᠶᠡᠰᠦᠯᠡᠵᠦ ᠬᠤᠪᠢ ᠣᠷᠣᠭᠤᠯᠬᠤ + ᠠᠵᠤ ᠠᠬᠤᠶᠢᠯᠠᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ︾ ᠠᠷᠭ᠎ᠠ ᠬᠡᠯᠪᠡᠷᠢ ᠶᠢ ᠠᠪᠴᠤ᠂ ︽ᠫᠧᠩᠰᠡᠨ ᠳᠤ ᠵᠠᠶᠢᠯᠠᠬᠤ ᠠᠵᠤ ᠠᠬᠤᠢ︾᠎ ᠶᠢ ᠶᠡᠬᠡᠪᠡᠷ ᠬᠥᠭᠵᠢᠭᠦᠯᠵᠦ᠂ ︽ᠪᠣᠬᠢᠷᠲᠤᠯ ᠦᠭᠡᠢ︾ ᠠᠵᠤ ᠦᠢᠯᠡᠰ ᠢᠶᠠᠷ ᠬᠥᠳᠡᠭᠡ ᠲᠣᠰᠬᠤᠨ ᠤ ᠠᠵᠤ ᠠᠬᠤᠢ ᠶᠢ ᠠᠮᠢᠯᠠᠭᠤᠯᠵᠤ᠂ ᠡᠷᠬᠢᠨ ᠲᠣᠭᠤᠷᠢᠨ ᠤ ᠤᠯᠠᠨ ᠲᠦᠮᠡᠨ ᠤ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠠᠩᠬᠢᠯᠤᠮ᠎ᠠ ᠦᠩᠭᠡ ᠶᠢ ᠨᠡᠮᠡᠭᠳᠡᠭᠦᠯᠦᠨ᠎ᠡ︾᠃
     ︽ᠬᠠᠯᠠᠭ᠎ᠠ ᠶᠢᠨ ᠭᠤᠤ ᠲᠣᠰᠬᠤᠨ ᠤ ᠠᠷᠠᠳ ᠤᠨ ᠵᠥᠪᠯᠡᠯ ᠱᠧᠩ ᠵᠢᠶᠦ᠋ᠨ ᠬᠤᠸᠠᠷ ᠴᠡᠴᠡᠭ ᠤᠨ ᠬᠢᠵᠠᠭᠠᠷᠲᠤ ᠺᠣᠮᠫᠠᠨᠢ ᠶᠢᠨ ᠬᠦᠯᠡᠮᠵᠢ ᠶᠢ ᠣᠷᠣᠭᠤᠯᠤᠨ ᠠᠪᠴᠢᠷᠠᠵᠤ ᠬᠤᠸᠠᠷ ᠴᠡᠴᠡᠭ ᠳᠠᠷᠢᠬᠤ᠂ ᠤᠯᠠᠮᠵᠢᠯᠠᠯᠲᠤ ᠢᠳᠡᠰᠢᠨ ᠨᠣᠭᠤᠭ᠎ᠠ ᠵᠢᠮᠢᠰ ᠳᠠᠷᠢᠬᠤ ᠵᠡᠷᠭᠡ ᠵᠠᠭᠪᠤᠷ ᠢ ᠬᠤᠪᠢᠷᠠᠭᠤᠯᠬᠤ ᠪᠠᠷ ᠳᠠᠮᠵᠢᠭᠤᠯᠵᠤ᠂ ᠤᠳᠤ ᠵᠢᠯ ᠪᠦᠷᠢ ᠲᠣᠰᠬᠤᠨ ᠤ ᠠᠷᠠᠳ ᠤᠨ ᠵᠥᠪᠯᠡᠯ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 8 ᠲᠦᠮᠡᠨ ᠲᠥᠭᠦᠷᠢᠭ ᠢ ᠲᠤᠰᠢᠶᠠᠵᠤ ᠪᠠᠶᠢᠬᠤ ᠪᠥᠭᠡᠳ 15 ᠬᠥᠮᠦᠨ ᠢ ᠲᠠᠶᠢᠴᠢᠯᠠᠨ ᠠᠵᠢᠯ ᠣᠯᠭᠤᠬᠤ ᠶᠢᠨ ᠬᠠᠮᠲᠤ ᠲᠣᠰᠬᠤᠨ ᠤ ᠠᠷᠠᠳ ᠤᠨ ᠬᠤᠸᠠᠷ ᠴᠡᠴᠡᠭ ᠳᠠᠷᠢᠬᠤ ᠮᠡᠷᠭᠡᠵᠢᠯ ᠢ ᠰᠤᠷᠤᠯᠴᠠᠬᠤ ᠶᠢ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠵᠤ ᠪᠠᠶᠢᠨ᠎ᠠ︾᠃ ᠭᠡᠵᠦ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠷ᠎ᠠ ᠭᠤᠤ ᠲᠣᠰᠬᠤᠨ ᠤ ᠨᠠᠮ ᠤᠨ ᠡᠭᠦᠷ ᠤᠨ ᠱᠦᠵᠢ ᠵᠠᠩ ᡁᠢ ᠹᠦ᠋ ᠬᠡᠯᠡᠪᠡ᠃      ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠶᠢᠨ ᠬᠠᠷ᠎ᠠ ᠭᠤᠤ ᠲᠣᠰᠬᠤᠨ ᠤ ᠬᠢᠨ ᠫᠧᠩᠰᠡᠲᠦ ᠦᠵᠡᠮᠵᠢ ᠶᠢᠨ ᠮᠡᠷᠭᠡᠵᠢᠯ ᠤᠨ ᠤᠷ᠎ᠠ ᠮᠡᠷᠭᠡᠵᠢᠯ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ︽ᠫᠧᠩᠰᠡᠲᠦ ᠦᠵᠡᠮᠵᠢ + ᠰᠣᠶᠣᠯ ᠵᠤᠭᠠᠴᠠᠯ + ᠪᠠᠶᠠᠷ ᠳᠤᠷᠠᠰᠬᠠᠯ︾᠎ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠪᠣᠯᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠵᠦ᠂ ᠫᠧᠩᠰᠡᠲᠦ ᠦᠵᠡᠮᠵᠢ ᠶᠢᠨ ᠴᠡᠴᠡᠭ ᠲᠠᠷᠢᠬᠤ ᠶᠢ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠬᠠᠮᠲᠤ ᠶᠢᠨ ᠠᠵᠤ ᠠᠬᠤᠢ ᠶᠢ ᠠᠬᠢᠭᠤᠯᠬᠤ᠂ ᠬᠥᠳᠡᠭᠡ ᠲᠣᠰᠬᠤᠨ ᠤ ᠠᠵᠢᠯ ᠣᠯᠭᠤᠯᠲᠠ ᠶᠢ ᠥᠷᠭᠡᠳᠬᠡᠬᠦ ᠨᠡᠮᠡᠭᠳᠡᠯ ᠤᠨ ᠴᠡᠭ ᠪᠣᠯᠭᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3