ᠰᠢᠲᠠᠮᠠᠬᠠᠶ ᠬᠡᠢ ᠶᠢᠨ ᠠᠶᠤᠯᠭᠦᠶ ᠶᠢᠨ ᠳᠠᠯᠳᠠ ᠭᠡᠮ ᠢ ᠢᠯᠡᠴᠢᠯᠡᠨ ᠮᠡᠳᠡᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/9/20
ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ᠄      ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠰᠢᠶᠠᠨ ᠪᠥᠬᠦ ᠰᠢᠶᠠᠨ ᠤ ᠬᠡᠪᠴᠢᠶᠡᠨ ᠳᠤ ᠬᠤᠲᠠ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠪᠡᠷᠬᠡ ᠰᠡᠳᠦᠪ ᠢ  ᠰᠢᠢᠳᠪᠦᠷᠢᠯᠡᠬᠦ︾ ᠠᠵᠢᠯ ᠢ ᠥᠷᠨᠢᠭᠦᠯᠵᠦ᠂ ᠲᠣᠰ ᠡᠳᠦᠷ ᠠᠴᠠ ᠡᠬᠢᠯᠡᠨ ᠥᠷᠭᠡᠨ ᠣᠯᠠᠨ ᠰᠠᠭᠤᠭᠠᠯᠢ ᠠᠷᠠᠳ ᠠᠴᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠤᠨ ᠰᠦᠪᠡᠭᠴᠢ ᠶᠢ ᠴᠤᠭᠯᠠᠭᠤᠯᠤᠨ᠎ᠠ᠃ ᠬᠢᠨᠠᠨ ᠬᠠᠷᠭᠤᠭᠤᠯᠤᠭᠠᠳ ᠲᠤᠰᠬᠠᠭᠰᠠᠨ ᠰᠦᠪᠡᠭᠴᠢ ᠨᠢ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠦᠨ᠎ᠡ᠃      ᠨᠢᠭᠡ᠂ ᠢᠯᠡᠴᠢᠯᠡᠨ ᠮᠡᠳᠡᠭᠦᠯᠦᠭᠰᠡᠨ ᠠᠭᠤᠯᠭ᠎ᠠ      1. ︽ᠰᠢᠲᠠᠮᠠᠬᠠᠶ ᠬᠡᠶ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠥᠬᠡᠶ ᠪᠠᠷ ᠳᠤᠷ᠎ᠠ ᠪᠠᠷ ᠢᠶᠠᠨ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠢᠯᠯᠠᠭ᠎ᠠ ᠬᠢᠭᠰᠡᠨ︔      2. ᠭᠡᠷᠡᠴᠢ ᠦᠨᠡᠮᠯᠡᠯ ᠥᠬᠡᠶ ᠬᠠᠤᠯᠢ ᠪᠤᠰᠤ ᠰᠢᠲᠠᠮᠠᠬᠠᠶ ᠬᠡᠶ ᠶᠢᠨ ᠡᠵᠡᠩᠨᠡᠯᠲᠡ ᠶᠢᠨ ᠴᠡᠭ ᠲᠤ ᠰᠢᠲᠠᠮᠠᠬᠠᠶ ᠬᠡᠶ ᠶᠢᠨ ᠢᠷᠡᠯᠲᠡ ᠶᠢ ᠬᠠᠩᠭᠠᠭᠰᠠᠨ︔      3.ᠬᠡᠢ ᠶᠢᠨ ᠯᠣᠩᠬᠤ ᠶᠢ ᠬᠠᠤᠯᠢ ᠪᠤᠰᠤ ᠪᠠᠷ ᠦᠢᠯᠡᠳᠦᠭᠰᠡᠨ᠂ ᠥᠭᠡᠷᠡᠴᠢᠯᠡᠨ ᠤᠭᠰᠠᠷᠠᠭᠰᠠᠨ ᠪᠤᠶᠤ ᠬᠤᠭᠤᠴᠠᠭ᠎ᠠ ᠬᠡᠲᠦᠷᠡᠲᠡᠯ᠎ᠡ ᠬᠡᠷᠡᠭᠯᠡᠭᠡᠳ ᠰᠢᠯᠭᠠᠨ ᠪᠠᠶᠢᠴᠠᠭᠠᠭᠰᠠᠨ ᠦᠭᠡᠢ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠲᠠᠯ᠎ᠠ ᠬᠠᠶᠠᠭᠳᠠᠮᠠᠯ ᠬᠡᠢ ᠶᠢᠨ ᠯᠣᠩᠬᠤᠨ ᠳᠤ ᠮᠡᠳᠡᠭᠦᠯᠦᠭᠰᠡᠨ︔ ᠠᠶᠤᠯᠭᠦᠶ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠲᠠᠯᠠᠪᠤᠷ ᠲᠤ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠢ ᠶᠢ ᠳᠤᠷ᠎ᠠ ᠪᠠᠷ ᠢᠶᠠᠨ ᠬᠠᠳᠠᠭᠠᠯᠠᠭᠰᠠᠨ︔      4.ᠰᠢᠲᠠᠮᠠᠬᠠᠶ ᠬᠡᠢ ᠶᠢ ᠬᠤᠯᠠᠭᠠᠶᠢᠯᠠᠨ ᠬᠡᠷᠡᠭᠯᠡᠭᠰᠡᠨ︔ ᠳᠤᠷ᠎ᠠ ᠪᠠᠷ ᠢᠶᠠᠨ ᠲᠣᠰᠴᠤ᠂ ᠲᠣᠭᠲᠠᠭᠠᠯ ᠠᠴᠠ ᠵᠥᠷᠢᠴᠡᠨ ᠡᠵᠡᠯᠡᠨ ᠳᠠᠷᠤᠵᠤ᠂ ᠭᠤᠷᠪᠠᠳᠠᠬᠢ ᠡᠲᠡᠭᠡᠳ ᠠᠴᠠ ᠪᠠᠷᠢᠯᠭ᠎ᠠ ᠪᠠᠷᠢᠵᠤ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠡᠪᠳᠡᠭᠰᠡᠨ︔ ᠢᠳᠡᠮᠡᠬᠡᠶ ᠴᠢᠨᠠᠷᠲᠠᠶ ᠪᠣᠳᠠᠰ ᠢ ᠴᠢᠳᠬᠤᠭᠰᠠᠨ᠂ ᠭᠠᠳᠠᠭᠰᠢᠯᠠᠭᠤᠯᠤᠭᠰᠠᠨ︔ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠪᠣᠳᠠᠰ ᠢ ᠲᠠᠯᠪᠢᠭᠰᠠᠨ︔      5. ᠰᠢᠲᠠᠮᠠᠬᠠᠶ ᠬᠡᠶ ᠶᠢᠨ ᠰᠢᠲᠠᠯᠲᠠ ᠶᠢᠨ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠵᠢᠴᠢ ᠬᠡᠷ ᠤᠨ ᠳᠣᠲᠣᠨ᠎ᠠ ᠭᠠᠳᠠᠨᠠᠬᠢ ᠰᠢᠲᠠᠮᠠᠬᠠᠶ ᠬᠡᠶ ᠶᠢᠨ ᠪᠡᠯᠡᠳᠬᠡᠮᠵᠢ᠂ ᠰᠢᠲᠠᠮᠠᠬᠠᠶ ᠬᠡᠶ ᠶᠢᠨ ᠬᠡᠮᠵᠢᠯᠲᠡ ᠶᠢᠨ ᠲᠥᠬᠦᠭᠡᠷᠦᠮᠵᠢ ᠶᠢ ᠥᠭᠡᠷᠡᠴᠢᠯᠡᠨ ᠤᠭᠰᠠᠷᠠᠬᠤ ᠬᠢᠷᠢ ᠬᠡᠮ ᠥᠬᠡᠶ ᠪᠠᠷ ᠬᠡᠷᠡᠭᠯᠡᠭᠰᠡᠨ︔      6. ᠰᠢᠲᠠᠮᠠᠬᠠᠶ ᠬᠡᠶ ᠣᠷᠣᠭᠤᠯᠬᠤ ᠬᠤᠭᠤᠯᠠᠶ᠂ ᠪᠣᠰᠤᠭ᠎ᠠ ᠬᠤᠭᠤᠯᠠᠶ᠂ ᠬᠡᠪᠲᠡᠭᠡ ᠬᠠᠭᠤᠷᠠᠶ ᠬᠤᠭᠤᠯᠠᠶ ᠶᠢ ᠠᠷᠢᠭᠤᠨ ᠴᠡᠪᠡᠷ ᠤᠨ ᠲᠠᠰᠤᠯᠭ᠎ᠠ ᠳᠤ ᠲᠣᠬᠢᠷᠠᠭᠤᠯᠤᠭᠰᠠᠨ︔ ᠤᠯᠤᠰ ᠠᠴᠠ ᠲᠣᠳᠣᠷᠬᠠᠶ ᠵᠠᠷᠯᠢᠭ ᠢᠶᠠᠷ ᠵᠠᠭᠠᠵᠠᠯᠠᠭᠰᠠᠨ ᠰᠢᠲᠠᠮᠠᠬᠠᠶ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ᠂ ᠵᠠᠯᠭᠠᠭᠤᠷ ᠢ ᠬᠡᠷᠡᠭᠯᠡᠭᠰᠡᠨ︔      7. ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠨᠢ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠨᠥᠯᠥᠭᠡᠯᠡᠭᠰᠡᠨ︔ ᠳᠤᠮᠳᠠ ᠳᠠᠷᠤᠯᠲᠠ ᠵᠢᠴᠢ ᠲᠡᠭᠦᠨ ᠠᠴᠠ ᠳᠡᠭᠡᠭᠰᠢᠬᠢ ᠭᠠᠵᠠᠷ ᠳᠣᠣᠷᠠᠬᠢ ᠰᠢᠲᠠᠮᠠᠬᠠᠶ ᠬᠡᠢ ᠶᠢᠨ ᠬᠤᠭᠤᠯᠠᠶ ᠱᠤᠭᠤᠮ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠤᠭᠰᠠᠨ︔      8.ᠦᠨᠡᠮᠯᠡᠯ ᠦᠭᠡᠢ ᠪᠠᠷ ᠡᠵᠡᠩᠨᠡᠭᠰᠡᠨ᠂ ᠬᠠᠷ᠎ᠠ ᠬᠡᠢ ᠶᠢᠨ ᠴᠡᠭ᠂ ᠨᠡᠭᠦᠳᠡᠯ ᠬᠡᠢ ᠶᠢᠨ ᠫᠠᠨᠽᠠᠴᠢᠨ᠂ ᠠᠶᠤᠯ ᠦᠭᠡᠢ ᠬᠢᠮᠢ ᠶᠢᠨ ᠪᠣᠳᠠᠰ ᠢ ᠲᠡᠭᠡᠭᠡᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠲᠡᠷᠭᠡ ᠬᠥᠰᠬᠡ ᠪᠠᠷ ᠰᠢᠲᠠᠮᠠᠬᠠᠶ ᠬᠡᠢ ᠶᠢᠨ ᠪᠤᠯᠤᠳ ᠯᠣᠩᠬᠤ ᠲᠡᠭᠡᠭᠡᠪᠦᠷᠢᠯᠡᠭᠰᠡᠨ︔ ᠭᠠᠵᠠᠷ ᠳᠣᠤᠷᠠᠬᠢ ᠥᠷᠥᠭᠡ᠂ ᠬᠠᠭᠠᠰ ᠭᠠᠵᠠᠷ ᠳᠣᠤᠷᠠᠬᠢ ᠥᠷᠥᠭᠡ᠂ ᠠᠭᠠᠷ ᠲᠠᠬᠢ ᠳᠠᠪᠬᠤᠷᠭ᠎ᠠ ᠵᠡᠷᠭᠡ ᠨᠢᠭᠲᠠ ᠪᠢᠲᠡᠭᠦᠮᠵᠢᠯᠡᠭᠰᠡᠨ ᠣᠷᠣᠨ ᠵᠠᠶ ᠳᠤ ᠲᠣᠭᠲᠠᠭᠠᠯ ᠠᠴᠠ ᠵᠥᠷᠢᠴᠡᠨ ᠰᠢᠲᠠᠮᠠᠬᠠᠶ ᠬᠡᠶ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ︔      9.ᠰᠢᠲᠠᠮᠠᠬᠠᠢ ᠬᠡᠢ ᠶᠢᠨ ᠠᠵᠤ ᠠᠬᠤᠶᠢᠯᠠᠯ ᠰᠢᠲᠠᠮᠠᠬᠠᠢ ᠬᠡᠢ ᠶᠢᠨ ᠬᠡᠷᠡᠭᠯᠡᠭᠴᠢᠳ ᠤᠨ ᠰᠢᠲᠠᠮᠠᠬᠠᠢ ᠬᠡᠢ ᠶᠢᠨ ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠦᠭᠡᠢ︔ ᠰᠢᠲᠠᠮᠠᠬᠠᠶ ᠬᠡᠢ ᠶᠢᠨ ᠬᠤᠭᠤᠯᠠᠶ ᠶᠢᠨ ᠲᠥᠬᠦᠭᠡᠷᠦᠮᠵᠢ ᠳᠤ ᠰᠡᠷᠡᠮᠵᠢ ᠶᠢᠨ ᠲᠡᠮᠳᠡᠭ ᠪᠠ ᠬᠠᠮᠠᠭᠠᠯᠠᠯᠲᠠ ᠶᠢᠨ ᠲᠣᠨᠣᠭᠯᠠᠯ ᠳᠤᠲᠠᠭᠳᠠᠵᠤ ᠪᠠᠶᠢᠬᠤ︔      10.ᠰᠢᠲᠠᠮᠠᠬᠠᠶ ᠬᠡᠶ ᠶᠢᠨ ᠡᠵᠡᠩᠨᠡᠭᠴᠢ ᠶᠢᠨ ᠬᠠᠩᠭᠠᠭᠰᠠᠨ ᠰᠢᠲᠠᠮᠠᠬᠠᠶ ᠬᠡᠶ ᠳᠤ ᠰᠡᠷᠡᠮᠵᠢ ᠶᠢᠨ ᠴᠢᠨᠠᠷᠲᠠᠶ ᠦᠮᠡᠬᠡᠶ ᠦᠨᠦᠷ ᠪᠠᠶᠢᠬᠤ ᠥᠬᠡᠶ᠂ ᠡᠰᠡᠬᠦᠯ᠎ᠡ ᠲᠣᠭᠲᠠᠭᠠᠯ ᠶᠣᠰᠣᠭᠠᠷ ᠦᠮᠡᠬᠡᠶ ᠦᠨᠦᠷ ᠨᠡᠮᠡᠭᠰᠡᠨ ᠥᠬᠡᠶ︔      ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ      ᠰᠢᠩ ᠾᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ 0474 — 7212870      ᠰᠤᠷᠪᠤᠯᠵᠢᠯᠠᠬᠤ ᠪᠠᠷ ᠢᠷᠡᠭᠰᠡᠨ ᠪᠤᠶᠤ ᠵᠠᠬᠢᠳᠠᠯ ᠢᠷᠡᠭᠦᠯᠵᠦ ᠢᠯᠡᠴᠢᠯᠡᠨ ᠮᠡᠳᠡᠭᠦᠯᠦᠭᠰᠡᠨ ᠨᠢ᠄      ᠰᠢᠩ ᠾᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠵᠢᠷᠭᠤᠳᠤᠭᠠᠷ ᠳᠠᠪᠬᠤᠷᠯᠢᠭ ᠤᠨ ᠠᠯᠪᠠᠨ ᠭᠡᠷ                                                     ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                 2023 ᠣᠨ ᠤ 9 ᠰᠠᠷ᠎ᠠ ᠶᠢᠨ 15  ᠤ ᠡᠳᠦᠷ                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3