ᠸᠠᠩ ᠬᠤᠢ ᠢᠦᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ‍ᠤᠨ‌ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2023 ᠣᠨ ᠤ 22 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠡ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/21
     9 ᠰᠠᠷ᠎ᠠ ᠶᠢᠨ 18᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2023 ᠣᠨ ᠤ 22 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠡ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠵᠡᠷᠭᠡ ᠬᠠᠮᠢᠶ᠎ᠠ ᠪᠦᠬᠦᠢ ᠠᠵᠢᠯ ᠢ ᠰᠤᠳᠤᠯᠤᠨ ᠳᠤᠬᠢᠷᠠᠭᠤᠯᠵᠤ ᠪᠠᠶᠢᠷᠢᠯᠠᠭᠤᠯᠪᠠ᠃
     ᠸᠠᠩ ᠬᠤᠢ ᠢᠦᠶ ᠵᠢᠭᠠᠵᠤ ᠭᠠᠷᠭᠠᠬᠤ ᠳᠠᠭᠠᠨ᠂ ᠪᠦᠬᠦ ᠰᠢᠶᠠᠨ ᠢᠶᠠᠷ ᠢᠶᠠᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ      ᠸᠠᠩ ᠬᠤᠢ ᠢᠦᠢ ᠴᠢᠩᠭᠠᠳᠬᠠᠭᠰᠠᠨ ᠨᠢ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠰᠢᠭᠤᠳ ᠬᠠᠷᠢᠶ᠎ᠠ ᠨᠢᠭᠡᠴᠡ ᠶᠢᠨ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠡᠷᠡᠭᠴᠡᠭᠡ︾ ᠪᠠ ︽ᠴᠢᠳᠠᠯ︾᠎ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ᠂ ᠴᠢᠳᠠᠪᠤᠷᠢᠲᠠᠨ ᠤ ᠳᠡᠮᠵᠢᠯᠭᠡ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠵᠡᠷᠭᠡ ᠲᠠᠯ᠎ᠠ ᠪᠠᠷ ᠬᠠᠮᠵᠢᠯᠴᠠᠭ᠎ᠠ ᠪᠠᠨ ᠢᠳᠡᠪᠬᠢᠲᠡᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠴᠢᠬ ᠲᠣᠭᠲᠠᠭᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢᠨ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠦᠪᠰᠢᠨ ᠲᠡᠰᠢ ᠤᠷᠤᠭᠰᠢᠯᠠᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠬᠤᠢ ᠢᠦᠢ ᠴᠢᠩᠭᠠᠳᠬᠠᠭᠰᠠᠨ ᠨᠢ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠳᠠᠨ ᠤ ᠵᠠᠷᠤᠳᠠᠯ ᠢ ᠪᠣᠳᠠᠲᠠᠶᠢᠵᠢᠭᠤᠯᠬᠤ᠂ ᠤᠬᠠᠭᠤᠯᠭ᠎ᠠ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠪᠠᠲᠤᠯᠠᠵᠤ᠂ ᠬᠥᠭᠵᠢᠯ ᠮᠠᠨᠳᠤᠯ ᠪᠠ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠪᠤᠰᠤᠳᠴᠢ ᠪᠠᠷ ᠲᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠬᠤᠢ ᠢᠦᠢ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠶᠠᠪᠤᠳᠠᠯ︾᠎ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠵᠦ᠂ ᠴᠢᠩᠭ᠎ᠠ ᠪᠣᠳᠠᠲᠠᠢ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠲᠠᠶᠢᠨ ᠬᠢᠵᠦ᠂ ᠡᠯ᠎ᠡ ᠲᠦᠷᠦᠯ ᠤᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠨᠣᠮᠧᠷ ᠢ ᠨᠢ ᠬᠠᠰᠤᠵᠤ᠂ ᠬᠥᠮᠥᠷᠭᠡ ᠶᠢ ᠨᠢ ᠴᠡᠪᠡᠷᠯᠡᠨ ᠡᠴᠦᠰ ᠲᠤᠨᠢ ᠲᠤᠯᠲᠠᠯ᠎ᠠ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3