ᠮᠠᠨ ᠤ ᠰᠢᠶᠠᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/21
      9 ᠰᠠᠷ᠎ᠠ ᠶᠢᠨ 18᠎ ᠤ ᠡᠳᠦᠷ᠂ ᠮᠠᠨ ᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠵᠧᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
      ᠬᠦᠳᠡᠯᠭᠡᠭᠡᠨ ᠤ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠲᠠᠪᠴᠠᠩ ᠭᠠᠷᠭᠠᠬᠤ᠂ ᠵᠠᠷᠯᠠᠯ ᠲᠠᠷᠬᠠᠭᠠᠬᠤ ᠵᠢᠴᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠶᠢ ᠠᠪᠴᠤ᠂ ᠣᠯᠠᠨ ᠲᠦᠮᠡᠨ ᠳᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠪᠠᠷᠢᠮᠵᠢᠶ᠎ᠠ᠂  ᠰᠦᠢᠳᠭᠡᠯ ᠲᠤᠰᠢᠶᠠᠬᠤ ᠴᠠᠭ ᠵᠢᠴᠢ ᠳᠠᠭᠠᠳᠬᠠᠯ ᠳᠤ ᠣᠷᠣᠯᠴᠠᠬᠤ ᠶᠠᠪᠤᠴᠠ ᠵᠡᠷᠭᠡ ᠶᠢ ᠭᠤᠤᠯᠳᠠᠯᠭ᠎ᠠ ᠲᠠᠢ ᠤᠬᠠᠭᠤᠯᠪᠠ︔ ᠲᠤᠬᠠᠶ ᠶᠢᠨ ᠲᠠᠯᠠᠪᠤᠷ ᠲᠤ ᠡᠮ ᠡᠮᠨᠡᠯᠭᠡ ᠶᠢᠨ ᠳᠠᠭᠠᠳᠬᠠᠯ ᠤᠨ  ᠰᠦᠢᠳᠭᠡᠯ ᠲᠤᠰᠢᠶᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠴᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ᠬᠠᠪᠰᠤᠷᠤᠨ ᠳᠠᠭᠠᠳᠬᠠᠯ ᠨᠢ ᠤᠯᠠᠨ ᠲᠦᠮᠡᠨ ᠳᠤ ᠰᠢᠩ ᠡᡁᠧ ᠰᠢᠶᠠᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠢᠳᠡᠪᠬᠢᠲᠡᠢ ᠣᠷᠣᠯᠴᠠᠵᠤ᠂ ᠥᠪᠡᠷ ᠤᠨ ᠪᠡᠶ᠎ᠡ ᠪᠣᠯᠤᠨ ᠭᠡᠷ ᠤᠨ ᠬᠥᠮᠦᠰ ᠤᠨ ᠡᠷᠡᠭᠦᠯ ᠮᠡᠨᠳᠤ ᠳᠤ ᠪᠠᠲᠤᠯᠠᠭ᠎ᠠ ᠨᠡᠮᠡᠷᠢᠯᠡᠬᠦ ᠰᠠᠨᠠᠭᠠᠴᠢᠯᠠᠭ᠎ᠠ ᠭᠠᠷᠭᠠᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 5000 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠷᠣᠯᠴᠠᠭᠰᠠᠨ ᠣᠯᠠᠨ ᠲᠦᠮᠡᠨ 200 ᠭᠠᠷᠤᠶ ᠪᠣᠯᠵᠠᠶ᠃      ᠣᠳᠣᠬᠠᠨ ᠳᠤ᠂ ᠰᠢᠩ ᠾᠧ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠨᠢᠭᠡᠨᠲᠡ ᠡᠬᠢᠯᠡᠪᠡ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠨᠢ 2023 ᠣᠨ ᠤ 9 ᠰᠠᠷ᠎ᠠ ᠶᠢᠨ 1᠎ ᠤ ᠡᠳᠦᠷ ᠠᠴᠠ 2023 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠤᠬᠠᠮᠰᠠᠷ ᠪᠠ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠢ ᠨᠡᠮᠡᠭᠳᠡᠭᠦᠯᠦᠨ᠂ ᠬᠥᠮᠦᠨ ᠪᠦᠬᠦᠨ ᠤ ᠮᠡᠳᠡᠵᠦ ᠪᠠᠶᠢᠭ᠎ᠠ ᠳᠠᠭᠠᠳᠬᠠᠯ ᠳᠤ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3