ᠬᠥᠷᠥᠰᠥ ᠰᠢᠷᠣᠶ ᠶᠢ ᠲᠣᠳᠣᠷᠬᠠᠶ ᠣᠶᠢᠯᠠᠭᠠᠵᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠨ᠎ᠡ
ᠨᠡᠶᠢᠲᠡᠯᠡᠭᠰᠡᠨ ᠴᠠᠭ᠄
2023/9/21
      2023 ᠣᠨ ᠤ 6 ᠰᠠᠷ᠎ᠠ ᠶᠢᠨ ᠡᠬᠢ ᠪᠠᠷ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠭᠰᠡᠨ ᠠᠴᠠ ᠣᠲᠣ ᠪᠣᠯᠲᠠᠯ᠎ᠠ᠂ 3 ᠰᠠᠷ᠎ᠠ ᠭᠠᠷᠤᠶ ᠶᠢᠨ ᠴᠠᠭ ᠵᠠᠷᠤᠴᠠᠭᠤᠯᠵᠤ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠪᠥᠬᠦ ᠥᠯᠢᠭᠡᠷ ᠴᠡᠭ ᠤᠨ ᠪᠠᠶᠢᠴᠠᠭᠠᠯᠲᠠ ᠶᠢᠨ ᠭᠤᠷᠪᠠᠨ ᠤ ᠬᠤᠶᠠᠷ ᠬᠤᠪᠢ ᠶᠢ ᠪᠡᠶᠡᠯᠡᠭᠦᠯᠦᠭᠰᠡᠨ ᠪᠠᠶᠢᠨ᠎ᠠ᠃ ᠬᠠᠲᠠᠭᠤ ᠪᠡᠷᠬᠡᠰᠢᠶᠡᠯᠲᠡᠶ ᠣᠷᠴᠢᠨ ᠲᠣᠭᠤᠷᠢᠨ ᠪᠠ ᠡᠯ᠎ᠡ ᠵᠦᠢᠯ ᠤᠨ ᠥᠷᠢᠰᠥᠯᠳᠦᠭᠡᠨ ᠤ ᠡᠮᠦᠨ᠎ᠡ᠂ ᠭᠠᠳᠠᠭᠠᠳᠤ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠡᠯ᠎ᠡ ᠪᠠᠶᠢᠴᠠᠭᠠᠬᠤ ᠠᠵᠢᠯᠲᠠᠳ ︽ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷᠲᠠᠶ︾ ᠭᠡᠳᠡᠭ ᠢ ᠭᠦᠨᠵᠡᠭᠡᠶ ᠣᠶᠢᠯᠠᠭᠠᠵᠤ᠂ ᠠᠵᠢᠯ ᠳᠠᠭᠠᠨ ᠨᠠᠷᠢᠨ ᠬᠢᠨᠠᠮᠠᠭᠠᠶ ᠪᠠᠶᠢᠬᠤ ᠵᠠᠷᠴᠢᠮ ᠢ ᠪᠠᠷᠢᠮᠲᠠᠯᠠᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢᠭᠡᠪᠦᠷᠢ ᠶᠢ ᠪᠡᠶᠡᠯᠡᠭᠦᠯᠵᠡᠶ᠃
     ᠦᠯᠢᠭᠡᠷ ᠠᠪᠬᠤ ᠠᠩᠭᠢ ᠶᠢᠨ ᠭᠡᠰᠢᠭᠦᠳ ᠲᠦᠢᠯ ᠤᠨ ᠬᠦᠴᠢᠷ ᠪᠡᠷᠬᠡᠰᠢᠶᠡᠯ ᠲᠠᠢ ᠣᠷᠴᠢᠨ ᠲᠣᠭᠤᠷᠢᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠥᠷᠥᠰᠥ ᠰᠢᠷᠣᠢ ᠶᠢᠨ ᠦᠯᠢᠭᠡᠷ ᠠᠪᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠬᠡᠳᠦ᠋ᠢᠪᠡᠷ ᠪᠦᠬᠦ᠋ᠢᠯᠡ ᠬᠥᠷᠥᠰᠥ ᠰᠢᠷᠣᠶ ᠶᠢᠨ ᠦᠯᠢᠭᠡᠷ ᠠᠪᠬᠤ ᠶᠠᠪᠤᠴᠠ ᠳᠤ ᠦᠯᠢᠭᠡᠷ ᠠᠪᠬᠤ ᠴᠡᠭ ᠤᠨ ᠲᠠᠷᠬᠠᠯᠲᠠ ᠨᠡᠯᠢᠶᠡᠳ ᠲᠠᠷᠠᠬᠠᠶ ᠪᠤᠲᠠᠷᠬᠠᠶ ᠪᠠᠶᠢᠳᠠᠯ ᠳᠤ ᠲᠤᠯᠭᠠᠷᠠᠵᠤ᠂ ᠦᠯᠢᠭᠡᠷ ᠠᠪᠬᠤ ᠬᠥᠮᠦᠰ ᠲᠤ ᠮᠠᠰᠢ ᠶᠡᠭᠡ ᠬᠦᠴᠢᠷᠳᠡᠯ ᠤᠴᠠᠷᠠᠭᠤᠯᠤᠭᠰᠠᠨ ᠪᠣᠯᠪᠠᠴᠤ᠂ ᠦᠯᠢᠭᠡᠷ ᠠᠪᠬᠤ ᠠᠩᠭᠢ ᠶᠢᠨ ᠭᠡᠰᠢᠭᠦᠳ ᠮᠥᠨ ᠯᠡ ᠲᠤᠰᠬᠠᠶ ᠮᠡᠷᠭᠡᠵᠢᠯ ᠤᠨ ᠪᠠ ᠠᠩᠬᠠᠷᠤᠯ ᠢᠶᠠᠨ ᠲᠥᠪᠯᠡᠷᠡᠭᠦᠯᠬᠦ ᠣᠪᠣᠷ ᠢᠶᠠᠷ ᠬᠥᠷᠥᠰᠥ ᠰᠢᠷᠣᠶ ᠶᠢᠨ ᠦᠯᠢᠭᠡᠷ ᠠᠪᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠵᠢᠱᠢᠶᠡᠯᠡᠪᠡᠯ᠂ ᠳᠠᠯᠠᠨ ᠬᠠᠷ᠎ᠠ ᠠᠭᠤᠯᠠ ᠶᠢᠨ ᠭᠦᠨ ᠳᠤ᠂ ᠥᠯᠢᠭᠡᠷ ᠠᠪᠬᠤ ᠠᠩᠭᠢ ᠶᠢᠨ ᠭᠡᠰᠢᠭᠦᠳ ᠬᠥᠯ ᠬᠥᠮᠦᠨ ᠥᠬᠡᠶ ᠣᠶ ᠰᠢᠭᠤᠶ ᠡᠪᠡᠰᠦᠲᠦ ᠲᠠᠯ᠎ᠠ ᠳᠤ ᠴᠡᠭ ᠪᠠᠶᠢᠷᠢᠯᠠᠭᠤᠯᠬᠤ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠲᠡᠳᠡ ᠠᠶᠤᠯ ᠲᠦᠭᠰᠢᠭᠦᠷᠢ ᠠᠴᠠ ᠠᠶᠤᠬᠤ ᠦᠭᠡᠶ ᠪᠠᠷ ᠰᠥᠭᠡᠭ ᠪᠣᠯᠤᠨ ᠶᠡᠭᠡ ᠭᠤᠤ ᠶᠢ ᠨᠡᠪᠲᠡᠯᠦᠨ᠂ ᠳᠠᠯᠠᠶ ᠶᠢᠨ ᠲᠦᠪᠰᠢᠨ ᠠᠴᠠ 2000 ᠭᠠᠷᠤᠶ ᠮᠧᠲᠷ ᠡᠷᠭᠦᠭᠳᠡᠭᠰᠡᠨ ᠠᠭᠤᠯᠠ ᠶᠢᠨ ᠪᠡᠯ ᠠᠴᠠ ᠦᠯᠢᠭᠡᠷ ᠠᠪᠴᠤ ᠪᠠᠶᠢᠪᠠ᠃ ᠡᠳᠡᠭᠡᠷ ᠬᠦᠴᠢᠷᠳᠡᠯ ᠪᠠ ᠥᠷᠢᠰᠥᠯᠳᠦᠭᠡᠨ ᠨᠢ ᠦᠯᠢᠭᠡᠷ ᠠᠪᠬᠤ ᠲᠠᠮᠢᠷᠴᠢᠳ ᠤᠨ ᠠᠯᠬᠤᠮ ᠢ ᠬᠤᠷᠢᠭᠯᠠᠵᠤ ᠴᠢᠳᠠᠭᠰᠠᠨ ᠦᠭᠡᠢ᠂ ᠲᠡᠳᠡ ᠮᠥᠨ ᠯᠡ ᠦᠯᠢᠭᠡᠷ ᠠᠪᠬᠤ ᠡᠭᠦᠷᠭᠡ ᠨᠢᠭᠡᠪᠦᠷᠢ ᠪᠠᠨ ᠪᠡᠶᠡᠯᠡᠭᠦᠯᠬᠦ ᠶᠢ ᠪᠠᠷᠢᠮᠲᠠᠯᠠᠭᠰᠠᠭᠠᠷ ᠪᠠᠶᠢᠨ᠎ᠠ᠃
     ᠡᠭᠦᠨ ᠠᠴᠠ ᠭᠠᠳᠠᠨ᠎ᠠ᠂ ᠵᠣᠨ ᠤ ᠡᠳᠦᠷ ᠤᠨ ᠥᠨᠳᠥᠷ ᠳᠤᠯᠠᠭᠠᠨᠲᠤ ᠴᠠᠭ ᠠᠭᠤᠷ ᠤᠨ ᠪᠠᠶᠢᠳᠠᠯ ᠳᠣᠤᠷ᠎ᠠ᠂ ᠥᠯᠢᠭᠡᠷ ᠠᠪᠬᠤ ᠠᠩᠭᠢ ᠶᠢᠨ ᠭᠡᠰᠢᠭᠦᠳ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ 33 ᠭᠷᠠᠳᠦ᠋ᠰ ᠤᠨ ᠥᠨᠳᠥᠷ ᠳᠤᠯᠠᠭᠠᠨᠲᠤ ᠴᠠᠭ ᠠᠭᠤᠷ ᠢ ᠲᠤᠯᠵᠤ ᠥᠯᠢᠭᠡᠷ ᠴᠡᠭ ᠤᠨ ᠪᠠᠶᠢᠴᠠᠭᠠᠯᠲᠠ ᠬᠢᠨ᠎ᠠ᠃ ᠰᠠᠯᠬᠢ ᠰᠠᠯᠬᠢᠯᠠᠵᠤ ᠪᠣᠷᠣᠭᠠᠨ ᠤᠷᠤᠭᠰᠠᠨ ᠴᠤ ᠲᠡᠷᠡ᠂ ᠥᠨᠳᠥᠷ ᠬᠠᠯᠠᠭᠤᠨ ᠠᠭᠠᠭᠢᠮ᠎ᠠ ᠬᠠᠯᠠᠭᠤᠨ ᠳᠤ ᠴᠤ ᠲᠡᠷᠡ᠂ ᠴᠥᠮ ᠦᠯᠢᠭᠡᠷ ᠠᠪᠬᠤ ᠠᠩᠭᠢ ᠶᠢᠨ ᠭᠡᠰᠢᠭᠦᠳ ᠤᠨ ᠠᠵᠢᠯ ᠤᠨ ᠠᠯᠬᠤᠮ ᠢ ᠡᠷᠡᠰ ᠪᠠᠲᠤ ᠬᠤᠷᠢᠭᠯᠠᠵᠤ ᠴᠢᠳᠠᠬᠤ ᠦᠭᠡᠶ ᠶᠤᠮ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠬᠠᠮᠠᠭᠠᠯᠠᠬᠤ ᠳᠤ ᠬᠥᠷᠥᠰᠥ ᠰᠢᠷᠣᠶ ᠶᠢᠨ ᠭᠤᠷᠪᠠᠨ ᠲᠦᠭᠡᠮᠡᠯᠵᠢᠭᠦᠯᠦᠯᠲᠡ ᠶᠢᠨ ᠠᠵᠢᠯ ᠤᠨ ᠴᠢᠬᠤᠯᠠ ᠴᠢᠨᠠᠷ ᠢ ᠲᠡᠳᠡ ᠰᠠᠶᠢᠨ ᠮᠡᠳᠡᠳᠡᠭ᠂ ᠡᠶᠢᠮᠦ ᠠᠴᠠ ᠲᠡᠳᠡ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠭᠠᠭᠢᠮ᠎ᠠ ᠬᠠᠯᠠᠭᠤᠨ ᠠᠴᠠ ᠠᠶᠤᠬᠤ ᠦᠭᠡᠢ ᠪᠠᠷ ᠡᠨᠡ ᠬᠦ ᠠᠷᠢᠭᠤᠨ ᠲᠠᠷᠬᠠᠨ ᠪᠥᠭᠡᠳ ᠠᠭᠤᠤ ᠶᠡᠭᠡ ᠡᠭᠦᠷᠭᠡ ᠶᠢ ᠡᠳᠦᠷ ᠢᠷᠡᠬᠦᠶ᠎ᠡ ᠭᠦᠢᠴᠡᠳᠬᠡᠵᠦ ᠪᠠᠶᠢᠨ᠎ᠠ᠃
     ᠡᠲᠡᠭᠡᠷ ᠥᠯᠢᠭᠡᠷ ᠠᠪᠬᠤ ᠲᠠᠮᠢᠷᠴᠢᠳ ᠤᠨ ᠴᠢᠷᠮᠠᠶᠢᠯᠭ᠎ᠠ ᠪᠠᠷ ᠳᠡᠮᠵᠢᠨ᠂ ᠪᠢᠳᠡ ᠬᠥᠷᠥᠰᠥ ᠰᠢᠷᠣᠶ ᠶᠢᠨ ᠶᠠᠰᠤ ᠴᠢᠨᠠᠷ ᠤᠨ ᠪᠠᠶᠢᠳᠠᠯ ᠢ ᠨᠠᠩ ᠰᠠᠶᠢᠨ ᠣᠶᠢᠯᠠᠭᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠴᠢᠳᠠᠨ᠎ᠠ᠃ ᠲᠡᠳᠡᠨ ᠤ ᠬᠤᠪᠢ ᠨᠡᠮᠡᠷᠢ ᠪᠠ ᠬᠤᠪᠢ ᠨᠡᠮᠡᠷᠢ ᠶᠢ ᠪᠢᠳᠡ ᠬᠦᠨᠳᠦᠳᠬᠡᠨ ᠲᠠᠯᠠᠷᠬᠠᠵᠤ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3