ᠰᠠᠶᠢᠬᠤᠰᠤ ᠪᠠᠯᠭᠠᠰᠤᠨ ᠤ ᠲᠠᠷᠢᠶᠠᠯᠠᠩ ᠤᠨ ᠤᠰᠤᠯᠠᠯᠲᠠ ᠶᠢᠨ ᠴᠥᠭᠦᠷᠥᠮ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/9/21
      ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠦᠢᠯᠡᠳᠦᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ 2023 ᠣᠨ ᠤ 9 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠰᠠᠶᠢᠬᠤᠰᠤ ᠪᠠᠯᠭᠠᠰᠤ ᠲᠠᠷᠢᠶᠠᠯᠠᠩ ᠤᠨ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠬᠤᠷᠠᠯ ᠠᠴᠠ  ᠵᠢᠭᠠᠵᠤ ᠭᠠᠷᠭᠠᠭᠰᠠᠨ ᠨᠢ᠂ ᠡᠯ᠎ᠡ ᠲᠣᠰᠬᠤᠨ ᠤ ᠠᠷᠠᠳ ᠤᠨ ᠵᠥᠪᠯᠡᠯ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠳᠠᠯ ᠢ ᠪᠠᠶᠢᠴᠠᠭᠠᠨ ᠣᠶᠢᠯᠠᠭᠠᠵᠤ᠂ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠢ ᠴᠡᠭᠴᠡᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ  ᠰᠢᠢᠳᠪᠦᠷᠢᠯᠡᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠲᠣᠰᠬᠤᠨ ᠤ ᠳᠡᠰ ᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠢᠶᠠᠷ ᠬᠠᠷᠢᠭᠤᠴᠠᠯᠭ᠎ᠠ ᠶᠢᠨ ᠣᠷᠣᠨ ᠲᠣᠭᠤᠷᠢᠭ ᠬᠤᠪᠢᠶᠠᠷᠢᠯᠠᠵᠤ᠂ ᠲᠣᠰᠬᠤᠨ ᠤ ︽ᠬᠤᠶᠠᠷ ᠵᠥᠪᠯᠡᠯ ︾᠎ ᠤᠨ ᠤᠰᠤ ᠬᠠᠳᠠᠭᠠᠯᠠᠬᠤ ᠴᠥᠭᠦᠷᠥᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠨ ᠬᠡᠷᠡᠭᠯᠡᠪᠡᠯ ᠬᠡᠨ ᠬᠠᠮᠢᠶᠠᠷᠤᠯᠲᠠ ᠶᠢᠨ ᠵᠠᠷᠴᠢᠮ ᠢ ᠵᠢᠷᠤᠮᠯᠠᠵᠤ᠂ ᠬᠤᠶᠢᠰᠢᠳᠠ ᠲᠣᠭᠲᠠᠭᠠᠯ ᠠᠴᠠ ᠵᠥᠷᠢᠴᠡᠨ ᠤᠰᠤ ᠬᠠᠳᠠᠭᠠᠯᠠᠬᠤ ᠴᠥᠭᠦᠷᠥᠮ ᠢ ᠮᠠᠯᠲᠠᠬᠤ ᠵᠡᠷᠭᠡ ᠦᠵᠡᠭᠳᠡᠯ ᠭᠠᠷᠬᠤ ᠦᠭᠡᠢ ᠪᠠᠶᠢᠬᠤ ᠶᠢ ᠪᠠᠲᠤᠯᠠᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3