9 ᠰᠠᠷ᠎ᠠ ᠶᠢᠨ 18 ᠤ ᠡᠳᠦᠷ᠂ ᠮᠠᠨ ᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠤᠯᠠᠭᠠᠨᠴᠠᠪ | ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠵᠧᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | ᠬᠦᠳᠡᠯᠭᠡᠭᠡᠨ ᠤ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠲᠥᠷᠥ ᠶᠢᠨ | ᠪᠣᠳᠣᠯᠭ᠎ᠠ ᠶᠢᠨ ᠯᠠᠪᠯᠠᠯᠲᠠ ᠶᠢᠨ ᠲᠠᠪᠴᠠᠩ ᠭᠠᠷᠭᠠᠬᠤ᠂ ᠵᠠᠷᠯᠠᠯ ᠲᠠᠷᠬᠠᠭᠠᠬᠤ ᠵᠢᠴᠢ ᠤᠬᠠᠭᠤᠯᠭ᠎ᠠ ᠶᠢᠨ ᠭᠠᠷ ᠳᠡᠪᠲᠡᠷ | ᠲᠠᠷᠬᠠᠭᠠᠬᠤ ᠵᠡᠷᠭᠡ ᠬᠡᠯᠪᠡᠷᠢ ᠶᠢ ᠠᠪᠴᠤ᠂ ᠣᠯᠠᠨ ᠲᠦᠮᠡᠨ ᠳᠤ 2024 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠪᠠᠷᠢᠮᠵᠢᠶ᠎ᠠ᠂ ᠰᠦᠢᠳᠭᠡᠯ ᠲᠤᠰᠢᠶᠠᠬᠤ | ᠴᠠᠭ ᠵᠢᠴᠢ ᠳᠠᠭᠠᠳᠬᠠᠯ ᠳᠤ ᠣᠷᠣᠯᠴᠠᠬᠤ ᠶᠠᠪᠤᠴᠠ ᠵᠡᠷᠭᠡ ᠶᠢ ᠭᠤᠤᠯᠳᠠᠯᠭ᠎ᠠ ᠲᠠᠢ ᠤᠬᠠᠭᠤᠯᠪᠠ︔ ᠲᠤᠬᠠᠶ ᠶᠢᠨ | ᠲᠠᠯᠠᠪᠤᠷ ᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠳᠤ ᠬᠠᠷᠢᠭᠤᠯᠲᠠ ᠥᠭᠴᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ᠬᠠᠪᠰᠤᠷᠤᠨ | ᠳᠠᠭᠠᠳᠬᠠᠯ ᠨᠢ ᠤᠯᠠᠨ ᠲᠦᠮᠡᠨ ᠳᠤ ᠰᠢᠩ ᠡᡁᠧ ᠰᠢᠶᠠᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠢᠳᠡᠪᠬᠢᠲᠡᠢ ᠣᠷᠣᠯᠴᠠᠵᠤ᠂ ᠥᠪᠡᠷ ᠤᠨ ᠪᠡᠶ᠎ᠡ ᠪᠣᠯᠤᠨ ᠭᠡᠷ ᠤᠨ | ᠬᠥᠮᠦᠰ ᠤᠨ ᠡᠷᠡᠭᠦᠯ ᠮᠡᠨᠳᠤ ᠳᠤ ᠪᠠᠲᠤᠯᠠᠭ᠎ᠠ ᠨᠡᠮᠡᠷᠢᠯᠡᠬᠦ ᠰᠠᠨᠠᠭᠠᠴᠢᠯᠠᠭ᠎ᠠ ᠭᠠᠷᠭᠠᠪᠠ᠃ ᠲᠣᠰ ᠤᠳᠠᠭᠠᠨ ᠤ | ᠠᠵᠢᠯᠯᠠᠭ᠎ᠠ ᠳᠤ ᠨᠡᠶᠢᠲᠡ 5000 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠶ ᠶᠢᠨ ᠲᠠᠯᠠᠪᠤᠷ ᠲᠤ | ᠣᠷᠣᠯᠴᠠᠭᠰᠠᠨ ᠣᠯᠠᠨ ᠲᠦᠮᠡᠨ 200 ᠭᠠᠷᠤᠶ ᠪᠣᠯᠵᠠᠶ᠃ | ᠣᠳᠣᠬᠠᠨ ᠳᠤ᠂ ᠰᠢᠩ ᠾᠧ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠨᠢᠭᠡᠨᠲᠡ ᠡᠬᠢᠯᠡᠪᠡ᠂ | ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠨᠢ 2023 ᠣᠨ ᠤ 9 ᠰᠠᠷ᠎ᠠ ᠶᠢᠨ 1 ᠤ ᠡᠳᠦᠷ ᠠᠴᠠ | 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠤᠬᠠᠮᠰᠠᠷ ᠪᠠ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠬᠤ ᠤᠬᠠᠮᠰᠠᠷ ᠢ ᠨᠡᠮᠡᠭᠳᠡᠭᠦᠯᠦᠨ᠂ ᠬᠥᠮᠦᠨ ᠪᠦᠬᠦᠨ ᠤ ᠮᠡᠳᠡᠵᠦ ᠪᠠᠶᠢᠭ᠎ᠠ ᠳᠠᠭᠠᠳᠬᠠᠯ ᠳᠤ | ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |