2023 ᠣᠨ ᠤ 6 ᠰᠠᠷ᠎ᠠ ᠶᠢᠨ ᠡᠬᠢ ᠪᠠᠷ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠦᠭᠰᠡᠨ ᠠᠴᠠ ᠣᠲᠣ ᠪᠣᠯᠲᠠᠯ᠎ᠠ᠂ 3 ᠰᠠᠷ᠎ᠠ ᠭᠠᠷᠤᠶ ᠶᠢᠨ ᠴᠠᠭ ᠵᠠᠷᠤᠴᠠᠭᠤᠯᠵᠤ᠂ ᠣᠳᠣᠬᠠᠨ ᠳᠤ ᠥᠪᠡᠷᠲᠡᠭᠡᠨ | ᠵᠠᠰᠠᠬᠤ ᠣᠷᠣᠨ ᠤ ᠪᠠᠭᠤᠯᠭᠠᠭᠰᠠᠨ ᠪᠥᠬᠦ ᠥᠯᠢᠭᠡᠷ ᠴᠡᠭ ᠤᠨ ᠪᠠᠶᠢᠴᠠᠭᠠᠯᠲᠠ ᠶᠢᠨ ᠭᠤᠷᠪᠠᠨ ᠤ ᠬᠤᠶᠠᠷ ᠬᠤᠪᠢ ᠶᠢ | ᠪᠡᠶᠡᠯᠡᠭᠦᠯᠦᠭᠰᠡᠨ ᠪᠠᠶᠢᠨ᠎ᠠ᠃ ᠬᠠᠲᠠᠭᠤ ᠪᠡᠷᠬᠡᠰᠢᠶᠡᠯᠲᠡᠶ ᠣᠷᠴᠢᠨ ᠲᠣᠭᠤᠷᠢᠨ ᠪᠠ ᠡᠯ᠎ᠡ ᠵᠦᠢᠯ ᠤᠨ ᠥᠷᠢᠰᠥᠯᠳᠦᠭᠡᠨ ᠤ | ᠡᠮᠦᠨ᠎ᠡ᠂ ᠭᠠᠳᠠᠭᠠᠳᠤ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠡᠯ᠎ᠡ ᠪᠠᠶᠢᠴᠠᠭᠠᠬᠤ ᠠᠵᠢᠯᠲᠠᠳ ︽ᠬᠠᠷᠢᠭᠤᠴᠠᠯᠭ᠎ᠠ | ᠬᠦᠨᠳᠦ ᠶᠡᠭᠡ᠂ ᠡᠭᠦᠷᠭᠡ ᠢᠷᠠᠭᠤ ᠠᠯᠳᠠᠷᠲᠠᠶ︾ ᠭᠡᠳᠡᠭ ᠢ ᠭᠦᠨᠵᠡᠭᠡᠶ ᠣᠶᠢᠯᠠᠭᠠᠵᠤ᠂ ᠠᠵᠢᠯ ᠳᠠᠭᠠᠨ ᠨᠠᠷᠢᠨ ᠬᠢᠨᠠᠮᠠᠭᠠᠶ | ᠪᠠᠶᠢᠬᠤ ᠵᠠᠷᠴᠢᠮ ᠢ ᠪᠠᠷᠢᠮᠲᠠᠯᠠᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ | ᠨᠢᠭᠡᠪᠦᠷᠢ ᠶᠢ ᠪᠡᠶᠡᠯᠡᠭᠦᠯᠵᠡᠶ᠃ | | | ᠦᠯᠢᠭᠡᠷ ᠠᠪᠬᠤ ᠠᠩᠭᠢ ᠶᠢᠨ ᠭᠡᠰᠢᠭᠦᠳ ᠲᠦᠢᠯ ᠤᠨ ᠬᠦᠴᠢᠷ ᠪᠡᠷᠬᠡᠰᠢᠶᠡᠯ ᠲᠠᠢ ᠣᠷᠴᠢᠨ ᠲᠣᠭᠤᠷᠢᠨ ᠳᠤ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠥᠷᠥᠰᠥ ᠰᠢᠷᠣᠢ ᠶᠢᠨ ᠦᠯᠢᠭᠡᠷ ᠠᠪᠬᠤ ᠳᠤ ᠯᠤᠲᠤ ᠶᠡᠭᠡ ᠬᠤᠪᠢ ᠨᠡᠮᠡᠷᠢ | ᠦᠵᠡᠭᠦᠯᠪᠡ᠃ ᠬᠡᠳᠦ᠋ᠢᠪᠡᠷ ᠪᠦᠬᠦ᠋ᠢᠯᠡ ᠬᠥᠷᠥᠰᠥ ᠰᠢᠷᠣᠶ ᠶᠢᠨ ᠦᠯᠢᠭᠡᠷ ᠠᠪᠬᠤ ᠶᠠᠪᠤᠴᠠ ᠳᠤ ᠦᠯᠢᠭᠡᠷ ᠠᠪᠬᠤ ᠴᠡᠭ ᠤᠨ | ᠲᠠᠷᠬᠠᠯᠲᠠ ᠨᠡᠯᠢᠶᠡᠳ ᠲᠠᠷᠠᠬᠠᠶ ᠪᠤᠲᠠᠷᠬᠠᠶ ᠪᠠᠶᠢᠳᠠᠯ ᠳᠤ ᠲᠤᠯᠭᠠᠷᠠᠵᠤ᠂ ᠦᠯᠢᠭᠡᠷ ᠠᠪᠬᠤ ᠬᠥᠮᠦᠰ ᠲᠤ ᠮᠠᠰᠢ ᠶᠡᠭᠡ | ᠬᠦᠴᠢᠷᠳᠡᠯ ᠤᠴᠠᠷᠠᠭᠤᠯᠤᠭᠰᠠᠨ ᠪᠣᠯᠪᠠᠴᠤ᠂ ᠦᠯᠢᠭᠡᠷ ᠠᠪᠬᠤ ᠠᠩᠭᠢ ᠶᠢᠨ ᠭᠡᠰᠢᠭᠦᠳ ᠮᠥᠨ ᠯᠡ ᠲᠤᠰᠬᠠᠶ ᠮᠡᠷᠭᠡᠵᠢᠯ ᠤᠨ | ᠪᠠ ᠠᠩᠬᠠᠷᠤᠯ ᠢᠶᠠᠨ ᠲᠥᠪᠯᠡᠷᠡᠭᠦᠯᠬᠦ ᠣᠪᠣᠷ ᠢᠶᠠᠷ ᠬᠥᠷᠥᠰᠥ ᠰᠢᠷᠣᠶ ᠶᠢᠨ ᠦᠯᠢᠭᠡᠷ ᠠᠪᠬᠤ ᠠᠵᠢᠯ ᠢ ᠪᠡᠶᠡᠯᠡᠭᠦᠯᠦᠭᠰᠡᠨ | ᠪᠠᠶᠢᠨ᠎ᠠ᠃ ᠵᠢᠱᠢᠶᠡᠯᠡᠪᠡᠯ᠂ ᠳᠠᠯᠠᠨ ᠬᠠᠷ᠎ᠠ ᠠᠭᠤᠯᠠ ᠶᠢᠨ ᠭᠦᠨ ᠳᠤ᠂ ᠥᠯᠢᠭᠡᠷ ᠠᠪᠬᠤ ᠠᠩᠭᠢ ᠶᠢᠨ ᠭᠡᠰᠢᠭᠦᠳ ᠬᠥᠯ | ᠬᠥᠮᠦᠨ ᠥᠬᠡᠶ ᠣᠶ ᠰᠢᠭᠤᠶ ᠡᠪᠡᠰᠦᠲᠦ ᠲᠠᠯ᠎ᠠ ᠳᠤ ᠴᠡᠭ ᠪᠠᠶᠢᠷᠢᠯᠠᠭᠤᠯᠬᠤ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠲᠡᠳᠡ | ᠠᠶᠤᠯ ᠲᠦᠭᠰᠢᠭᠦᠷᠢ ᠠᠴᠠ ᠠᠶᠤᠬᠤ ᠦᠭᠡᠶ ᠪᠠᠷ ᠰᠥᠭᠡᠭ ᠪᠣᠯᠤᠨ ᠶᠡᠭᠡ ᠭᠤᠤ ᠶᠢ ᠨᠡᠪᠲᠡᠯᠦᠨ᠂ ᠳᠠᠯᠠᠶ ᠶᠢᠨ ᠲᠦᠪᠰᠢᠨ ᠠᠴᠠ | 2000 ᠭᠠᠷᠤᠶ ᠮᠧᠲᠷ ᠡᠷᠭᠦᠭᠳᠡᠭᠰᠡᠨ ᠠᠭᠤᠯᠠ ᠶᠢᠨ ᠪᠡᠯ ᠠᠴᠠ ᠦᠯᠢᠭᠡᠷ ᠠᠪᠴᠤ ᠪᠠᠶᠢᠪᠠ᠃ ᠡᠳᠡᠭᠡᠷ ᠬᠦᠴᠢᠷᠳᠡᠯ ᠪᠠ | ᠥᠷᠢᠰᠥᠯᠳᠦᠭᠡᠨ ᠨᠢ ᠦᠯᠢᠭᠡᠷ ᠠᠪᠬᠤ ᠲᠠᠮᠢᠷᠴᠢᠳ ᠤᠨ ᠠᠯᠬᠤᠮ ᠢ ᠬᠤᠷᠢᠭᠯᠠᠵᠤ ᠴᠢᠳᠠᠭᠰᠠᠨ ᠦᠭᠡᠢ᠂ ᠲᠡᠳᠡ ᠮᠥᠨ ᠯᠡ | ᠦᠯᠢᠭᠡᠷ ᠠᠪᠬᠤ ᠡᠭᠦᠷᠭᠡ ᠨᠢᠭᠡᠪᠦᠷᠢ ᠪᠠᠨ ᠪᠡᠶᠡᠯᠡᠭᠦᠯᠬᠦ ᠶᠢ ᠪᠠᠷᠢᠮᠲᠠᠯᠠᠭᠰᠠᠭᠠᠷ ᠪᠠᠶᠢᠨ᠎ᠠ᠃ | | | ᠡᠭᠦᠨ ᠠᠴᠠ ᠭᠠᠳᠠᠨ᠎ᠠ᠂ ᠵᠣᠨ ᠤ ᠡᠳᠦᠷ ᠤᠨ ᠥᠨᠳᠥᠷ ᠳᠤᠯᠠᠭᠠᠨᠲᠤ ᠴᠠᠭ ᠠᠭᠤᠷ ᠤᠨ ᠪᠠᠶᠢᠳᠠᠯ ᠳᠣᠤᠷ᠎ᠠ᠂ ᠥᠯᠢᠭᠡᠷ | ᠠᠪᠬᠤ ᠠᠩᠭᠢ ᠶᠢᠨ ᠭᠡᠰᠢᠭᠦᠳ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ 33 ᠭᠷᠠᠳᠦ᠋ᠰ ᠤᠨ ᠥᠨᠳᠥᠷ | ᠳᠤᠯᠠᠭᠠᠨᠲᠤ ᠴᠠᠭ ᠠᠭᠤᠷ ᠢ ᠲᠤᠯᠵᠤ ᠥᠯᠢᠭᠡᠷ ᠴᠡᠭ ᠤᠨ ᠪᠠᠶᠢᠴᠠᠭᠠᠯᠲᠠ ᠬᠢᠨ᠎ᠠ᠃ ᠰᠠᠯᠬᠢ ᠰᠠᠯᠬᠢᠯᠠᠵᠤ ᠪᠣᠷᠣᠭᠠᠨ | ᠤᠷᠤᠭᠰᠠᠨ ᠴᠤ ᠲᠡᠷᠡ᠂ ᠥᠨᠳᠥᠷ ᠬᠠᠯᠠᠭᠤᠨ ᠠᠭᠠᠭᠢᠮ᠎ᠠ ᠬᠠᠯᠠᠭᠤᠨ ᠳᠤ ᠴᠤ ᠲᠡᠷᠡ᠂ ᠴᠥᠮ ᠦᠯᠢᠭᠡᠷ ᠠᠪᠬᠤ ᠠᠩᠭᠢ ᠶᠢᠨ | ᠭᠡᠰᠢᠭᠦᠳ ᠤᠨ ᠠᠵᠢᠯ ᠤᠨ ᠠᠯᠬᠤᠮ ᠢ ᠡᠷᠡᠰ ᠪᠠᠲᠤ ᠬᠤᠷᠢᠭᠯᠠᠵᠤ ᠴᠢᠳᠠᠬᠤ ᠦᠭᠡᠶ ᠶᠤᠮ᠃ ᠲᠠᠷᠢᠶᠠᠨ ᠭᠠᠵᠠᠷ ᠤᠨ ᠤᠯᠠᠭᠠᠨ | ᠱᠤᠭᠤᠮ ᠢ ᠬᠠᠮᠠᠭᠠᠯᠠᠬᠤ ᠳᠤ ᠬᠥᠷᠥᠰᠥ ᠰᠢᠷᠣᠶ ᠶᠢᠨ ᠭᠤᠷᠪᠠᠨ ᠲᠦᠭᠡᠮᠡᠯᠵᠢᠭᠦᠯᠦᠯᠲᠡ ᠶᠢᠨ ᠠᠵᠢᠯ ᠤᠨ ᠴᠢᠬᠤᠯᠠ ᠴᠢᠨᠠᠷ ᠢ | ᠲᠡᠳᠡ ᠰᠠᠶᠢᠨ ᠮᠡᠳᠡᠳᠡᠭ᠂ ᠡᠶᠢᠮᠦ ᠠᠴᠠ ᠲᠡᠳᠡ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠭᠠᠭᠢᠮ᠎ᠠ ᠬᠠᠯᠠᠭᠤᠨ ᠠᠴᠠ | ᠠᠶᠤᠬᠤ ᠦᠭᠡᠢ ᠪᠠᠷ ᠡᠨᠡ ᠬᠦ ᠠᠷᠢᠭᠤᠨ ᠲᠠᠷᠬᠠᠨ ᠪᠥᠭᠡᠳ ᠠᠭᠤᠤ ᠶᠡᠭᠡ ᠡᠭᠦᠷᠭᠡ ᠶᠢ ᠡᠳᠦᠷ ᠢᠷᠡᠬᠦᠶ᠎ᠡ ᠭᠦᠢᠴᠡᠳᠬᠡᠵᠦ | ᠪᠠᠶᠢᠨ᠎ᠠ᠃ | | | ᠡᠲᠡᠭᠡᠷ ᠥᠯᠢᠭᠡᠷ ᠠᠪᠬᠤ ᠲᠠᠮᠢᠷᠴᠢᠳ ᠤᠨ ᠴᠢᠷᠮᠠᠶᠢᠯᠭ᠎ᠠ ᠪᠠᠷ ᠳᠡᠮᠵᠢᠨ᠂ ᠪᠢᠳᠡ ᠬᠥᠷᠥᠰᠥ ᠰᠢᠷᠣᠶ ᠶᠢᠨ ᠶᠠᠰᠤ | ᠴᠢᠨᠠᠷ ᠤᠨ ᠪᠠᠶᠢᠳᠠᠯ ᠢ ᠨᠠᠩ ᠰᠠᠶᠢᠨ ᠣᠶᠢᠯᠠᠭᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠬᠠᠮᠠᠭᠠᠯᠠᠬᠤ ᠳᠤ ᠰᠢᠨᠵᠢᠯᠡᠬᠦ | ᠤᠬᠠᠭᠠᠨᠴᠢ ᠦᠨᠳᠦᠰᠦᠯᠡᠯ ᠬᠠᠩᠭᠠᠵᠤ ᠴᠢᠳᠠᠨ᠎ᠠ᠃ ᠲᠡᠳᠡᠨ ᠤ ᠬᠤᠪᠢ ᠨᠡᠮᠡᠷᠢ ᠪᠠ ᠬᠤᠪᠢ ᠨᠡᠮᠡᠷᠢ ᠶᠢ ᠪᠢᠳᠡ ᠬᠦᠨᠳᠦᠳᠬᠡᠨ | ᠲᠠᠯᠠᠷᠬᠠᠵᠤ ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |