ᠤᠯᠠᠭᠠᠨᠴᠠᠪ᠄ ᠭᠠᠵᠠᠷ ᠰᠢᠷᠣᠶ ᠶᠢᠨ ᠡᠷᠭᠢᠯᠲᠡ ᠶᠢᠨ ︽ᠠᠯᠲᠠᠨ ᠲᠦᠯᠬᠢᠭᠦᠷ︾ ᠨᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠣᠯᠠᠨ ᠣᠨᠢᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2023/9/21
     ᠨᠠᠮᠤᠷ ᠤᠨ ᠠᠭᠤᠷ ᠠᠮᠢᠰᠬᠤᠯ ᠳᠤ᠂ ᠤᠯᠠᠭᠠᠨᠴᠠᠪ ᠤᠨ ᠡᠬᠡ ᠭᠠᠵᠠᠷ ᠲᠤ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠦ᠂ ᠲᠠᠷᠢᠶᠠᠨ ᠭᠠᠵᠠᠷ ᠲᠤ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠲᠠᠰᠤᠷᠠᠯᠲᠠ ᠦᠭᠡᠢ ᠠᠵᠢᠯᠯᠠᠵᠤ᠂ ᠠᠳᠡ ᠲᠡᠨᠳᠡ ᠦᠭᠡᠢ ᠦᠷᠭᠦᠯᠵᠢᠯᠡᠵᠦ ᠪᠠᠶᠢᠭ᠎ᠠ ᠲᠠᠷᠢᠶᠠᠯᠠᠩ ᠤᠨ ᠮᠠᠰᠢᠨ ᠤ ᠳᠠᠭᠤᠨ ᠡᠯᠪᠡᠭ ᠬᠤᠷᠢᠶᠠᠯᠲᠠ ᠶᠢᠨ ᠠᠶᠠᠰ ᠢ ᠬᠠᠩᠭᠢᠨᠠᠭᠤᠯᠤᠨ᠎ᠠ᠃
     ᠡᠨᠡ ᠵᠢᠯ᠂ ᠤᠯᠠᠮ ᠠᠴᠠ ᠤᠯᠠᠮ ᠣᠯᠠᠨ ᠲᠣᠰᠬᠤᠨ ᠪᠠᠯᠭᠠᠰᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ︽ᠲᠠᠷᠢᠶᠠᠨ ᠭᠠᠵᠠᠷ ᠢ ᠪᠤᠰᠠᠨᠢᠭᠤᠯᠬᠤ︾ ᠶᠢ ︽ᠪᠦᠬᠦᠯᠢ ᠲᠠᠷᠢᠶᠠᠨ ᠭᠠᠵᠠᠷ︾ ︽ᠶᠡᠭᠡ ᠲᠠᠷᠢᠶᠠᠨ ᠭᠠᠵᠠᠷ︾ ᠪᠣᠯᠭᠠᠨ ᠬᠤᠪᠢᠷᠠᠭᠤᠯᠵᠤ᠂ ᠨᠢᠭᠡᠳᠦᠯᠲᠡᠶ ᠮᠧᠬᠠᠨᠢᠭᠵᠢᠭᠤᠯᠤᠨ ᠠᠵᠢᠯᠯᠠᠵᠤ᠂ ᠭᠠᠵᠠᠷ ᠰᠢᠷᠣᠶ ᠶᠢ ᠬᠡᠪᠴᠢᠶᠡᠵᠢᠭᠦᠯᠦᠨ ᠡᠵᠡᠩᠨᠡᠬᠦ ᠪᠠ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠨᠡᠮᠡᠭᠰᠡᠨ ᠠᠴᠠ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠴᠢᠨᠠᠷ ᠴᠢᠨᠰᠠᠭ᠎ᠠ ᠶᠢ ᠤᠯᠠᠮ ᠰᠠᠶᠢᠨ ᠪᠣᠯᠭᠠᠵᠠᠶ᠃
     ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠶᠢᠨ ᠬᠢᠨ ︽ᠬᠠᠤᠯᠢ ᠶᠣᠰᠣᠭᠠᠷ᠂ ᠰᠠᠶᠢᠨ ᠳᠤᠷ᠎ᠠ ᠶᠢᠨ᠂ ᠦᠨ᠎ᠡ ᠲᠥᠯᠥᠪᠦᠷᠢ ᠲᠠᠢ ᠪᠠᠶᠢᠬᠤ︾ ᠵᠠᠷᠴᠢᠮ ᠶᠣᠰᠣᠭᠠᠷ᠂ ᠲᠠᠷᠢᠶᠠᠴᠢᠳ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠳᠠᠭᠠᠭᠠᠴᠢᠯᠠᠭᠰᠠᠨ ᠭᠠᠵᠠᠷ ᠰᠢᠷᠣᠶ ᠪᠠᠨ ᠰᠠᠶᠢᠨ ᠳᠤᠷ᠎ᠠ ᠠᠴᠠ ᠪᠠᠨ ᠡᠷᠭᠢᠯᠲᠡ ᠳᠤ ᠣᠷᠣᠭᠤᠯᠬᠤ ᠶᠢ ᠵᠣᠷᠢᠭᠵᠢᠭᠤᠯᠵᠤ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠡᠬᠢ ᠪᠠᠶᠠᠯᠢᠭ ᠤᠨ ᠵᠢᠯᠣᠭᠤᠳᠣᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠲᠠᠷᠢᠮᠠᠯ ᠤᠨ ᠲᠣᠮᠣ ᠡᠷᠦᠬᠡ᠂ ᠲᠠᠷᠢᠶᠠᠯᠠᠩ ᠤᠨ ᠬᠤᠷᠰᠢᠶ᠎ᠠ ᠵᠢᠴᠢ ᠲᠠᠷᠢᠶᠠᠯᠠᠩ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠦᠨ ᠳᠠᠶᠢᠴᠢᠯᠠᠵᠤ᠂ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠦᠨᠡᠨ ᠬᠦ ᠠᠮᠢᠳᠤᠯᠢᠭ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢᠨ ︽ᠣᠯᠠᠨ ᠣᠨᠢᠰᠤ︾ ᠶᠢ ᠨᠡᠭᠡᠭᠡᠬᠦ ᠬᠡᠷᠡᠭᠲᠡᠶ᠃ 2022 ᠣᠨ ᠪᠣᠯᠲᠠᠯ᠎ᠠ᠂ ᠤᠯᠠᠭᠠᠨᠴᠠᠪ ᠬᠤᠳᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠭᠢᠯᠲᠡ ᠶᠢᠨ ᠲᠠᠯᠠᠪᠠᠢ 550.78 ᠲᠦᠮᠡᠨ ᠮᠦ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠭᠢᠯᠲᠡ ᠶᠢᠨ ᠨᠤᠷᠮ᠎ᠠ ᠠᠴᠠ ᠵᠠᠭᠤᠨ ᠤ ᠬᠠᠷᠢᠴᠠᠯ ᠢᠶᠠᠷ 7 ᠬᠤᠪᠢ ᠰᠢᠬᠠᠮ ᠥᠨᠳᠥᠷ ᠪᠣᠯᠵᠠᠢ᠃
     ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠨᠢ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠬᠥᠷᠥᠰᠥ ᠰᠢᠷᠣᠶ ᠶᠢ ᠡᠪᠳᠡᠵᠦ ᠮᠥᠩᠭᠦ ᠪᠣᠯᠭᠠᠬᠤ︾ ᠳᠤ ᠬᠦᠴᠦᠨ ᠨᠡᠮᠡᠷᠢᠯᠡᠪᠡ      ᠦᠳᠡᠰᠢ ᠶᠢᠨ ᠨᠡᠷᠡᠨ ᠪᠠᠷᠠᠭᠤᠨ ᠠᠴᠠ ᠪᠠᠭᠤᠬᠤ ᠳᠤ᠂ ᠰᠢᠩ ᠡᡁᠧ ᠰᠢᠶᠠᠨ ᠤ ᠶᠡᠭᠡ ᠬᠦᠷᠢᠶ᠎ᠡ ᠰᠢᠶᠠᠩ ᠤᠨ ᠡᡁᠧ ᠱᠤᠤ ᠶᠢᠩ ᠲᠣᠰᠬᠤᠨ ᠤ ᠨᠢᠭᠡᠨ ᠲᠥᠮᠥᠰᠥ ᠲᠠᠷᠢᠬᠤ ᠲᠠᠷᠢᠶᠠᠨ ᠳᠤ᠂ ᠬᠤᠷᠢᠶᠠᠬᠤ ᠮᠠᠰᠢᠨ ᠶᠠᠭᠠᠷᠠᠯᠲᠠᠢ ᠠᠵᠢᠯᠯᠠᠵᠤ᠂ ᠲᠣᠯᠣᠭᠠᠢ ᠥᠨᠳᠡᠶᠢᠨ ᠬᠠᠷᠠᠬᠤ ᠳᠤ᠂ ᠬᠤᠷᠢᠶᠠᠬᠤ ᠮᠠᠰᠢᠨ ᠤ ᠥᠩᠭᠡᠷᠡᠬᠦ ᠭᠠᠵᠠᠷ ᠲᠤ ᠶᠡᠭᠡ ᠬᠡᠰᠡᠭ ᠲᠥᠮᠥᠰᠥ ᠴᠤᠬᠤᠶᠢᠨ ᠭᠠᠷᠴᠤ᠂ ᠨᠢᠭᠡ ᠲᠠᠯ᠎ᠠ ᠶᠢᠨ ᠲᠠᠷᠢᠶᠠᠴᠢᠳ ᠡᠳᠡᠭᠡᠷ ︽ᠰᠢᠨ᠎ᠡ ᠪᠠᠷ ᠭᠠᠷᠴᠤ ᠢᠷᠡᠭᠰᠡᠨ︾ ᠲᠥᠮᠥᠰᠥ ᠶᠢ ᠤᠭᠤᠲᠠᠯᠠᠵᠤ ᠶᠠᠭᠠᠷᠠᠯᠳᠤᠨ᠎ᠠ᠃
     10 ᠵᠢᠯ ᠤᠨ ᠡᠮᠦᠨ᠎ᠡ᠂ ᠠᠳᠡᠬᠢ ᠲᠠᠷᠢᠶᠠᠯᠠᠩ ᠤᠨ ᠪᠦᠲᠦᠴᠡ ᠲᠠᠩ ᠴᠤᠯᠭᠤᠶ᠂ ᠲᠠᠷᠢᠶᠠᠨ ᠭᠠᠵᠠᠷ ᠲᠥᠪᠯᠡᠷᠡᠭᠰᠡᠨ ᠥᠬᠡᠶ᠂ ᠮᠠᠰᠢᠨᠴᠢᠯᠠᠯᠲᠠ ᠶᠢᠨ ᠬᠦᠴᠢᠷᠳᠡᠯ ᠶᠡᠭᠡ᠂ ᠲᠣᠰᠬᠤᠨ ᠤ ᠬᠥᠮᠦᠨ ᠴᠥᠭᠡᠨ᠂ ᠢᠳᠡᠷ ᠳᠣᠷᠪᠢᠲᠠᠶ ᠵᠠᠯᠠᠭᠤᠴᠤᠳ᠂ ᠪᠠᠰᠠ ᠣᠯᠠᠩᠬᠢ ᠢᠳᠡᠷ ᠨᠠᠰᠤᠨ ᠤ ᠬᠥᠮᠦᠰ ᠴᠥᠮ ᠬᠤᠲᠠ ᠣᠷᠣᠵᠤ ᠬᠥᠯᠥᠰᠥᠨ ᠠᠵᠢᠯ ᠬᠢᠵᠦ᠂ ᠠᠶᠢᠯ ᠡᠷᠦᠬᠡ ᠪᠣᠯᠭᠠᠨ ᠴᠥᠮ ᠪᠦᠳᠦᠭᠦᠯᠢᠭ ᠪᠥᠭᠡᠳ ᠲᠠᠷᠠᠬᠠᠶ ᠪᠤᠲᠠᠷᠬᠠᠶ ᠡᠵᠡᠩᠨᠡᠵᠦ ᠪᠠᠶᠢᠭᠰᠠᠨ ᠪᠠᠶᠢᠳᠠᠯ ᠲᠠᠢ ᠪᠠᠶᠢᠪᠠ᠃  10 ᠵᠢᠯ ᠤᠨ ᠡᠮᠦᠨ᠎ᠡ᠂ ᠠᠳᠡᠬᠢ ᠲᠠᠷᠢᠶᠠᠯᠠᠩ ᠤᠨ ᠪᠦᠲᠦᠴᠡ ᠲᠠᠩ ᠴᠤᠯᠭᠤᠶ᠂ ᠲᠠᠷᠢᠶᠠᠨ ᠭᠠᠵᠠᠷ ᠲᠥᠪᠯᠡᠷᠡᠩᠭᠦᠶ ᠪᠤᠰᠤ᠂ ᠮᠧᠬᠠᠨᠢᠭᠵᠢᠭᠤᠯᠤᠯᠲᠠ ᠶᠢᠨ ᠬᠦᠴᠢᠷᠳᠡᠯ ᠶᠡᠭᠡ᠂ ᠲᠣᠰᠬᠤᠨ ᠤ ᠬᠥᠮᠦᠨ ᠠᠮᠠ ᠴᠥᠭᠡᠨ᠂ ᠢᠳᠡᠷ ᠳᠣᠷᠪᠢᠲᠠᠶ ᠵᠠᠯᠠᠭᠤᠴᠤᠳ᠂ ᠪᠠᠰᠠ ᠣᠯᠠᠩᠬᠢ ᠢᠳᠡᠷ ᠨᠠᠰᠤᠨ ᠤ ᠬᠥᠮᠦᠰ ᠴᠥᠮ ᠬᠤᠲᠠ ᠣᠷᠣᠵᠤ ᠬᠥᠯᠥᠰᠥᠨ ᠠᠵᠢᠯ ᠬᠢᠵᠦ᠂ ᠠᠶᠢᠯ ᠡᠷᠦᠬᠡ ᠪᠣᠯᠭᠠᠨ ᠴᠥᠮ ᠪᠦᠳᠦᠭᠦᠯᠢᠭ ᠪᠥᠭᠡᠳ ᠲᠠᠷᠠᠬᠠᠶ ᠪᠤᠲᠠᠷᠬᠠᠶ ᠡᠵᠡᠩᠨᠡᠵᠦ ᠪᠠᠶᠢᠭᠰᠠᠨ ᠪᠠᠶᠢᠳᠠᠯ ᠲᠠᠢ ᠪᠠᠶᠢᠯ᠎ᠠ᠃      ᠾᠧ ᠱᠤᠤ ᠶᠢᠩ ᠲᠣᠰᠬᠤᠨ ᠤ ᠬᠤᠪᠢᠷᠠᠯᠲᠠ ᠨᠢ 2013 ᠣᠨ ᠠᠴᠠ ᠢᠷᠡᠯᠳᠡ ᠲᠠᠢ ᠶᠤᠮ᠂ ᠲᠡᠷᠡ ᠦᠶ᠎ᠡ ᠳᠤ᠂ ᠲᠣᠰᠬᠤᠨ ᠤ ᠬᠢᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠠᠵᠢᠯ ᠢ ᠥᠷᠨᠢᠭᠦᠯᠵᠦ᠂ ᠲᠠᠷᠢᠶᠠᠴᠢᠳ ᠥᠪᠡᠷ ᠤᠨ ᠭᠠᠵᠠᠷ ᠰᠢᠷᠣᠢ ᠪᠠᠨ ᠲᠠᠷᠢᠮᠠᠯ ᠤᠨ ᠲᠤᠮᠤ ᠡᠷᠦᠭᠡ ᠳᠤ ᠰᠢᠯᠵᠢᠭᠦᠯᠦᠨ ᠥᠭᠴᠦ᠂ ᠲᠠᠷᠢᠮᠠᠯ ᠤᠨ ᠲᠤᠮᠤ ᠡᠷᠦᠭᠡ ᠶᠢᠨ ᠬᠢᠨ ᠪᠠᠰᠠ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠪᠠᠨ ᠴᠡᠭᠴᠡᠯᠡᠨ ᠵᠠᠰᠠᠵᠤ᠂ ᠬᠡᠪᠴᠢᠶᠡᠵᠢᠭᠰᠡᠨ ᠡᠵᠡᠩᠨᠡᠯᠲᠡ ᠶᠢ ᠪᠡᠶᠡᠯᠡᠭᠦᠯᠵᠡᠢ᠃      ᠢᠯᠠᠩᠭᠤᠶ᠎ᠠ 2021 ᠣᠨ ᠳᠤ᠂ ᠡᡁᠧ ᠱᠤᠤ ᠶᠢᠩ ᠲᠣᠰᠬᠤᠨ ᠤ ᠬᠢᠨ ᠲᠣᠰᠬᠤᠨ ᠤ ᠬᠠᠮᠲᠤ ᠨᠡᠶᠢᠲᠡ ᠳᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ︾ ᠨᠢᠭᠡ ᠦᠷᠳᠡᠭᠡᠯᠢᠭ ᠦᠢᠯᠡᠴᠢᠯᠡᠭᠡ ᠶᠢ ᠡᠬᠢᠯᠡᠭᠦᠯᠵᠦ᠂ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠦᠨ᠎ᠡ ᠪᠠᠷ ᠲᠣᠰᠬᠤᠨ ᠤ 10 ᠲᠤᠮᠤ ᠲᠠᠷᠢᠮᠠᠯ ᠤᠨ ᠡᠷᠦᠬᠡ ᠳᠤ ᠮᠠᠰᠢᠨᠴᠢᠯᠠᠯᠲᠠ ᠶᠢᠨ ᠦᠢᠯᠡᠴᠢᠯᠡᠭᠡ ᠬᠠᠩᠭᠠᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠪᠠᠰᠠ ᠵᠢᠵᠢᠭ ᠲᠠᠷᠢᠶᠠᠴᠢᠨ ᠡᠷᠦᠬᠡ ᠪᠣᠯᠤᠨ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠠᠰᠠᠭᠤᠳᠠᠯ ᠢ ᠰᠢᠢᠳᠪᠦᠷᠢᠯᠡᠪᠡ᠃      ᠪᠣᠳᠠᠲᠠᠶ ᠪᠠᠷ ᠬᠡᠯᠡᠪᠡᠯ᠂ ᠭᠠᠴᠠᠭᠠᠨ ᠤ ᠬᠠᠮᠲᠤ ᠨᠡᠶᠢᠲᠡ ᠠᠴᠠ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠵᠠᠭᠪᠤᠷ ᠪᠣᠯ ᠳᠠᠷᠤᠶ ᠭᠠᠴᠠᠭᠠᠨ ᠤ ᠠᠷᠠᠳ ᠤᠨ ᠵᠥᠪᠯᠡᠯ ᠬᠠᠪᠰᠤᠷᠤᠨ ᠲᠡᠳᠬᠦᠬᠦ ᠪᠡᠯᠡ ᠮᠥᠩᠭᠦ ᠪᠠᠷ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ ᠠᠪᠴᠤ᠂ ᠲᠤᠰ ᠭᠠᠴᠠᠭᠠᠨ ᠤ ᠲᠠᠷᠢᠶᠠᠴᠢᠨ ᠡᠷᠦᠬᠡ ᠳᠤ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠰ ᠭᠠᠴᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠮᠧᠬᠠᠨᠢᠭᠴᠢᠯᠠᠭᠰᠠᠨ ᠲᠠᠷᠢᠶᠠᠯᠠᠭ᠎ᠠ ᠶᠢᠨ ᠬᠢᠷᠢ ᠬᠡᠮᠵᠢᠶ᠎ᠡ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃      ︽ᠪᠦᠬᠦ ᠲᠣᠰᠬᠤᠨ ᠤ 3 ᠲᠦᠮᠡᠨ ᠮᠦ ᠲᠠᠷᠢᠶᠠᠨ ᠭᠠᠵᠠᠷ ᠢ ᠨᠡᠶᠢᠳᠡ 2 ᠲᠦᠮᠡ 5 ᠮᠢᠩᠭ᠎ᠠ ᠭᠠᠷᠤᠢ ᠮᠦ ᠰᠢᠯᠵᠢᠭᠦᠯᠪᠡ᠂ ᠮᠠᠨ ᠤ ᠲᠣᠰᠬᠤᠨ ᠤ ᠠᠷᠠᠳ ᠤᠨ ᠵᠥᠪᠯᠡᠯ ᠲᠣᠰᠬᠤᠨ ᠤ ᠲᠠᠷᠢᠮᠠᠯ ᠤᠨ ᠲᠤᠮᠤ ᠡᠷᠦᠬᠡ ᠳᠤ ᠲᠠᠷᠢᠶᠠᠯᠠᠬᠤ ᠶᠢ ᠬᠠᠮᠢᠶᠠᠷᠴᠤ ᠬᠤᠷᠢᠶᠠᠬᠤ ᠶᠢ ᠬᠡᠯᠬᠢᠶ᠎ᠡ ᠦᠢᠯᠡᠴᠢᠯᠡᠭᠡ ᠬᠠᠩᠭᠠᠵᠤ᠂ ᠵᠢᠯ ᠪᠦᠷᠢ 1500 ᠮᠦ ᠭᠠᠵᠠᠷ ᠰᠢᠷᠣᠢ ᠳᠤ ᠦᠢᠯᠡᠴᠢᠯᠡᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠥᠴᠢ ᠲᠠᠪᠢᠨ ᠲᠦᠮᠡᠨ ᠲᠥᠭᠦᠷᠢᠭ ᠲᠤ ᠬᠦᠷᠴᠡᠢ᠂ ᠨᠢᠳᠤᠨᠤᠨ ᠪᠠᠰᠠ ᠬᠠᠮᠲᠤ ᠶᠢᠨ ᠠᠵᠤ ᠠᠬᠤᠢ ᠪᠠᠷ ᠪᠦᠬᠦ ᠲᠣᠰᠬᠤᠨ ᠤ ᠵᠠᠮ ᠤᠨ ᠳ᠋ᠧᠩ ᠢ ᠰᠣᠯᠢᠪᠠ᠂ ᠲᠣᠰᠬᠤᠨ ᠤ ᠠᠷᠠᠳ ᠮᠠᠰᠢ ᠪᠠᠶᠠᠷᠯᠠᠵᠠᠢ᠃︾ ᠭᠡᠵᠦ ᠵᠢᠭᠠᠵᠤ ᠭᠠᠷᠭᠠᠵᠠᠢ᠃ ︽ᠪᠦᠬᠦ ᠲᠣᠰᠬᠤᠨ ᠤ ᠲᠠᠷᠢᠮᠠᠯ ᠤᠨ ᠲᠤᠮᠤ ᠡᠷᠦᠬᠡ ᠳᠤ ᠲᠠᠷᠢᠶᠠᠯᠠᠬᠤ ᠶᠢ ᠬᠠᠮᠢᠶᠠᠷᠴᠤ ᠬᠤᠷᠢᠶᠠᠬᠤ ᠶᠢ ᠬᠠᠮᠢᠶᠠᠷᠬᠤ  ᠬᠡᠯᠬᠢᠶ᠎ᠡ ᠦᠢᠯᠡᠴᠢᠯᠡᠭᠡ ᠬᠠᠩᠭᠠᠵᠤ᠂ ᠵᠢᠯ ᠪᠦᠷᠢ 1500 ᠮᠦ ᠭᠠᠵᠠᠷ ᠰᠢᠷᠣᠢ ᠳᠤ ᠦᠢᠯᠡᠴᠢᠯᠡᠵᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠥᠴᠢ ᠲᠠᠪᠢᠨ ᠲᠦᠮᠡᠨ ᠲᠥᠭᠦᠷᠢᠭ ᠲᠤ ᠬᠦᠷᠴᠡᠢ᠃︾ ᠭᠡᠵᠦ ᠡᡁᠧ ᠱᠤᠤ ᠶᠢᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠠᠢ ᠡᡁᠧ ᠬᠡᠯᠡᠪᠡ᠃      ︽ᠪᠢ ᠲᠠᠷᠢᠶᠠᠴᠢᠨ ᠡᠷᠦᠬᠡ ᠶᠢᠨ ᠭᠠᠷ ᠠᠴᠠ 500 ᠭᠠᠷᠤᠢ ᠮᠦ ᠭᠠᠵᠠᠷ ᠰᠢᠷᠣᠢ ᠶᠢ ᠰᠢᠯᠵᠢᠭᠦᠯᠵᠦ᠂ ᠲᠠᠷᠢᠶᠠᠯᠠᠬᠤ ᠦᠶ᠎ᠡ ᠳᠡᠭᠡᠨ ᠳᠠᠷᠤᠢ ᠭᠠᠴᠠᠭᠠᠨ ᠤ ᠠᠷᠠᠳ ᠤᠨ ᠵᠥᠪᠯᠡᠯ ᠲᠠᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠭᠡᠷ᠎ᠡ ᠲᠣᠭᠲᠠᠵᠠᠢ᠂ ᠨᠢᠭᠡ ᠮᠦ ᠭᠠᠵᠠᠷ 300 ᠲᠥᠭᠦᠷᠢᠭ᠂ ᠭᠠᠳᠠᠨᠠᠬᠢ ᠲᠠᠷᠢᠶᠠᠯᠠᠩ ᠤᠨ ᠮᠠᠰᠢᠨ ᠢ ᠬᠡᠷᠡᠭᠯᠡᠬᠦ ᠠᠴᠠ ᠬᠢᠮᠳᠠ᠂ ᠮᠠᠰᠢ ᠠᠰᠢᠭᠲᠠᠢ᠂ ᠥᠪᠡᠷ ᠤᠨ ᠭᠡᠷ ᠲᠡᠭᠡᠨ ᠴᠦ ᠣᠳᠣᠬᠢᠴᠢᠯᠠᠭᠰᠠᠨ ᠲᠠᠷᠢᠶᠠᠯᠠᠩ ᠤᠨ ᠪᠠᠭᠠᠵᠢ ᠬᠡᠷᠡᠭᠰᠡᠯ ᠢ ᠬᠡᠷᠡᠭᠯᠡᠵᠦ ᠴᠢᠳᠠᠵᠠᠢ᠂ ᠦᠨᠡᠬᠡᠷ ᠴᠠᠭ ᠲᠤ ᠠᠷᠪᠢᠲᠠᠢ ᠪᠥᠭᠡᠳ ᠬᠦᠴᠦᠨ ᠳᠤ ᠠᠷᠪᠢᠲᠠᠢ᠂ ᠭᠠᠷᠤᠯᠲᠠ ᠪᠠᠨ ᠨᠡᠮᠡᠭᠳᠡᠭᠦᠯᠬᠦ ᠶᠢᠨ ᠬᠠᠮᠲᠤ ᠣᠷᠣᠯᠭ᠎ᠠ ᠪᠠᠨ ᠨᠡᠮᠡᠭᠳᠡᠭᠦᠯᠦᠨ᠎ᠡ︕︾ ᠭᠡᠵᠦ ᠬᠡᠯᠡᠪᠡ᠃ ᠲᠠᠷᠢᠮᠠᠯ ᠤᠨ ᠲᠤᠮᠤ ᠡᠷᠦᠭᠡ ᠸᠠᠩ ᠱᠢ ᠹᠧᠩ ᠲᠠᠷᠢᠶᠠᠨ ᠳᠤᠮᠳᠠ ᠨᠢᠳᠤᠨ ᠡᠮᠦᠨᠡᠬᠢ ᠡᠯᠪᠡᠭ ᠬᠤᠷᠢᠶᠠᠯᠲᠠ ᠶᠢᠨ ᠪᠠᠶᠢᠳᠠᠯ ᠢ ᠬᠠᠷᠠᠭᠠᠳ ᠪᠠᠶᠠᠷᠲᠠᠢ ᠪᠠᠷ ᠶᠠᠷᠢᠨ᠎ᠠ᠃      ᠲᠣᠰᠬᠤᠨ ᠤ ᠬᠠᠮᠲᠤ ᠨᠡᠶᠢᠲᠡ ᠳᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠵᠠᠭᠪᠤᠷ ᠬᠠᠩᠭᠠᠭᠰᠠᠨ ᠠᠴᠠ ᠲᠠᠷᠢᠶᠠᠴᠢᠳ ᠤᠨ ᠦᠷ᠎ᠡ ᠠᠰᠢᠭ ᠢ ᠨᠡᠮᠡᠭᠳᠡᠭᠦᠯᠵᠦ᠂ ᠲᠣᠰᠬᠤᠨ ᠤ ᠱᠠᠲᠤᠨ ᠤ ᠬᠠᠮᠲᠤ ᠨᠡᠶᠢᠲᠡ ᠳᠤ ᠨᠡᠯᠢᠶᠡᠳ ᠰᠠᠶᠢᠨ ᠠᠵᠤ ᠠᠬᠤᠢ ᠶᠢᠨ ᠣᠷᠣᠯᠭ᠎ᠠ ᠶᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃      ᠲᠠᠷᠢᠶᠠᠴᠢᠳ ︽ᠬᠤᠪᠢ ᠣᠷᠣᠭᠤᠯᠤᠭᠴᠢᠳ︾ ᠤᠨ ᠠᠰᠢᠭ ᠣᠷᠣᠯᠭ᠎ᠠ ᠶᠢ ᠬᠤᠪᠢᠷᠠᠭᠤᠯᠵᠤ ᠠᠰᠢᠭ ᠣᠷᠣᠯᠭ᠎ᠠ ᠶᠢ ᠨᠢ ᠪᠠᠰᠠ ᠬᠤᠪᠢᠶᠠᠷᠢᠯᠠᠨ᠎ᠠ      ᠨᠠᠮᠤᠷ ᠤᠨ ᠬᠤᠷᠢᠶᠠᠯᠲᠠ ᠶᠢᠨ ᠦᠶ᠎ᠡ ᠪᠠᠷ᠂ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠠᠨ ᠪᠠᠯᠭᠠᠰᠤ ᠶᠢᠨ ᠶᠢᠨ ᠰᠢ ᠯᠢᠶᠠᠩ ᠲᠣᠰᠬᠤᠨ ᠤ 71 ᠨᠠᠰᠤᠲᠠᠢ ᠯᠢᠦ ᠷᠦᠨ ᠭᠸᠦ ᠶᠢᠨ ᠭᠡᠷ ᠲᠤ ᠬᠦᠷᠬᠦ ᠳᠤ᠂ ᠲᠡᠷᠡ ᠨᠠᠶᠢᠵᠠ ᠨᠠᠷ ᠲᠠᠢ ᠪᠠᠨ ᠵᠣᠭᠤᠭᠳᠠᠨ ᠵᠣᠭᠤᠭᠳᠠᠵᠤ ᠪᠠᠶᠢᠯ᠎ᠠ᠃ ᠬᠡᠷᠪᠡ ᠬᠡᠳᠦᠨ ᠵᠢᠯ ᠤᠨ ᠡᠮᠦᠨ᠎ᠡ ᠲᠠᠯᠪᠢᠭᠠᠳ  ᠪᠠᠶᠢᠭᠰᠠᠨ ᠶᠤᠮ ᠪᠣᠯ ᠲᠡᠷᠡ ᠪᠠᠰᠠ ᠯᠠ ᠲᠠᠷᠢᠶᠠᠨ ᠳᠡᠭᠡᠷ᠎ᠡ ᠠᠵᠢᠯᠯᠠᠵᠤ  ᠪᠠᠶᠢᠭᠰᠠᠨ ᠨᠢ  ᠵᠠᠶᠢᠯᠠᠰᠢ ᠦᠭᠡᠶ᠃      ︽ᠪᠢ ᠬᠡᠳᠦᠬᠡᠨ ᠮᠦ ᠲᠠᠷᠢᠶ᠎ᠠ ᠦᠯᠡᠳᠡᠭᠡᠵᠡᠢ᠂ ᠥᠪᠡᠷ ᠢᠶᠠᠨ ᠨᠠᠰᠤ ᠠᠬᠠᠰᠢᠷᠠᠭᠠᠳ ᠲᠠᠷᠢᠵᠦ ᠳᠡᠶᠢᠯᠬᠦ ᠦᠭᠡᠢ ᠪᠣᠯᠵᠠᠢ ᠂ ᠤᠳᠤ ᠭᠠᠵᠠᠷ ᠰᠢᠷᠣᠢ ᠪᠠᠨ ᠤᠯᠠᠭᠠᠨᠴᠠᠪ ᠬᠤᠳᠠ ᠶᠢᠨ ᠷᠦᠢ ᠲᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠪᠡ᠂ ᠪᠢᠳᠡ ᠭᠡᠷ ᠲᠡᠭᠡᠨ ᠰᠠᠭᠤᠭᠠᠳ ᠬᠤᠷᠢᠶᠠᠬᠤ ᠵᠣᠭᠤᠰ ᠲᠠᠢ᠂ ᠡᠨᠡ ᠵᠢᠯ ᠠᠵᠤ ᠠᠬᠤᠶᠢᠯᠠᠯ ᠤᠨ ᠬᠢᠨ ᠪᠠᠰᠠ ᠵᠣᠭᠤᠰ ᠥᠰᠴᠡᠢ᠂ ᠨᠢᠭᠡ ᠮᠦ ᠭᠠᠵᠠᠷ 500 ᠲᠥᠭᠦᠷᠢᠭ ᠤᠨ ᠦᠨ᠎ᠡ ᠲᠠᠢ᠂ ᠶᠡᠭᠡ ᠰᠠᠶᠢᠨ︾ ᠭᠡᠵᠦ ᠬᠡᠯᠡᠪᠡ᠃ ᠯᠢᠦ ᠷᠦᠨ ᠭᠸᠦ ᠭᠠᠵᠠᠷ ᠰᠢᠷᠣᠶ ᠶᠢᠨ ᠡᠷᠭᠢᠯᠲᠡ ᠶᠢᠨ ᠲᠤᠬᠠᠶ ᠶᠠᠷᠢᠬᠤ ᠳᠠᠭᠠᠨ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠯ᠎ᠠ᠃      ᠯᠢᠦ ᠷᠦᠨ ᠭᠸᠦ ᠶᠢ ᠬᠠᠮᠤᠭ ᠠᠴᠠ ᠪᠠᠶᠠᠷᠯᠠᠭᠤᠯᠤᠭᠰᠠᠨ ᠶᠠᠪᠤᠳᠠᠯ ᠭᠡᠪᠡᠯ᠂ ᠤᠯᠠᠭᠠᠨᠴᠠᠪ ᠬᠤᠳᠠ ᠶᠢᠨ ᠷᠦᠢ ᠲᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠵᠤ᠂ ᠬᠤᠪᠢ ᠣᠷᠣᠭᠤᠯᠬᠤ ᠬᠡᠯᠪᠡᠷᠢ ᠪᠠᠷ ᠢᠨᠰᠢ ᠯᠢᠶᠠᠩ ᠲᠣᠰᠬᠤᠨ ᠤ ᠲᠠᠷᠢᠶᠠᠴᠢᠨ ᠡᠷᠦᠬᠡ ᠲᠠᠢ ᠠᠰᠢᠭ ᠬᠤᠪᠢᠶᠠᠬᠤ ᠭᠡᠷ᠎ᠡ ᠲᠣᠭᠲᠠᠵᠤ᠂ ᠲᠠᠷᠢᠶᠠᠴᠢᠳ ᠢ ︽ᠬᠤᠪᠢ ᠣᠷᠣᠭᠤᠯᠤᠭᠴᠢ︾ ᠪᠣᠯᠭᠠᠵᠤ᠂ ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠠᠵᠤ ᠠᠬᠤᠶᠢᠯᠠᠯ ᠲᠠᠢ ᠨᠢᠭᠲᠠ ᠬᠤᠯᠪᠣᠭᠰᠠᠨ ᠶᠠᠪᠤᠳᠠᠯ ᠪᠣᠯᠤᠨ᠎ᠠ᠃      ᠤᠯᠠᠭᠠᠨᠴᠠᠪ ᠬᠤᠲᠠ ᠶᠢᠨ ᠷᠦᠢ ᠲᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠶᠢᠨ ᠯᠦᠩ᠄ ︽ᠪᠢᠳᠡ ᠶᠢᠨ ᠰᠢ ᠯᠢᠶᠠᠩ ᠲᠣᠰᠬᠤᠨ ᠤ 332 ᠡᠷᠦᠬᠡ ᠶᠢᠨ 3057 ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠪᠣᠯᠬᠤᠷ ᠲᠠᠷᠢᠶᠠᠴᠢᠳ ᠲᠤ ᠭᠠᠵᠠᠷ ᠰᠢᠷᠣᠶ ᠶᠢᠨ ᠡᠷᠭᠢᠯᠲᠡ ᠶᠢᠨ ᠰᠦᠢᠳᠭᠡᠯ ᠥᠭᠭᠦᠭᠰᠡᠨ ᠢᠶᠠᠷ ᠪᠠᠷᠠᠬᠤ ᠥᠬᠡᠶ᠂ ᠲᠠᠷᠢᠶᠠᠴᠢᠳ ᠲᠤ ᠪᠠᠰᠠ ᠬᠤᠶᠠᠳᠠᠬᠢ ᠤᠳᠠᠭ᠎ᠠ ᠠᠰᠢᠭ ᠬᠤᠪᠢᠶᠠᠵᠠᠶ᠂ ᠬᠤᠶᠠᠳᠠᠬᠢ ᠤᠳᠠᠭ᠎ᠠ ᠠᠰᠢᠭ ᠬᠤᠪᠢᠶᠠᠬᠤ ᠳᠠᠭᠠᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠦᠵᠡᠵᠦ᠂ ᠠᠵᠤ ᠠᠬᠤᠶᠢᠯᠠᠯ ᠤᠨ ᠦᠷ᠎ᠡ ᠠᠰᠢᠭ ᠥᠨᠳᠥᠷ ᠪᠣᠯᠪᠠᠯ ᠲᠠᠷᠢᠶᠠᠴᠢᠳ ᠤᠨ ᠬᠤᠪᠢᠶᠠᠵᠤ ᠤᠯᠬᠤ ᠵᠣᠭᠤᠰ ᠨᠢ ᠳᠠᠷᠤᠶ ᠠᠷᠪᠢᠨ ᠪᠣᠯᠤᠨ᠎ᠠ︾ ᠭᠡᠵᠦ ᠲᠠᠨᠢᠯᠴᠠᠭᠤᠯᠪᠠ᠂ ᠤᠯᠠᠭᠠᠨᠴᠠᠪ ᠬᠤᠲᠠ ᠶᠢᠨ ᠷᠦᠢ ᠲᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠶᠢᠨ ᠯᠦᠩ ᠲᠠᠨᠢᠯᠴᠠᠭᠤᠯᠪᠠ᠃      ᠥᠩᠭᠡᠷᠡᠭᠰᠡᠨ ᠳᠤ ᠰᠢᠷ᠎ᠠ ᠬᠥᠷᠥᠰᠥᠨ ᠳᠤ ᠬᠠᠨᠳᠤᠵᠤ ᠲᠩᠷᠢ ᠥᠭᠡᠳᠡ ᠬᠠᠨᠳᠤᠵᠤ ᠪᠠᠶᠢᠭᠰᠠᠨ ᠢᠶᠠᠨ ᠥᠨᠥᠳᠦᠷ ᠭᠠᠵᠠᠷ ᠰᠢᠷᠣᠶ ᠪᠠᠨ ᠡᠷᠭᠢᠯᠲᠡ ᠳᠤ ᠣᠷᠣᠭᠤᠯᠬᠤ ᠳᠠᠭᠠᠨ ︽ᠵᠠᠩᠭᠤᠶᠢᠳᠠ︾ ᠪᠣᠯᠤᠭᠰᠠᠨ ᠪᠠᠶᠢᠨ᠎ᠠ᠃ ᠲᠠᠷᠢᠶᠠᠴᠢᠳ ᠲᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠰᠦᠢᠳᠭᠡᠯ ᠪᠠᠶᠢᠬᠤ ᠪᠠᠷ ᠪᠠᠷᠠᠬᠤ ᠥᠬᠡᠶ᠂ ᠪᠠᠰᠠ ᠬᠤᠶᠠᠳᠠᠬᠢ ᠤᠳᠠᠭ᠎ᠠ ᠠᠰᠢᠭ ᠬᠤᠪᠢᠶᠠᠵᠤ ᠪᠣᠯᠤᠨ᠎ᠠ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠠᠴᠠ ︽ᠬᠤᠶᠠᠷ ᠮᠥᠩᠭᠦ︾ ᠣᠯᠵᠤ ᠪᠠᠶᠢᠨ᠎ᠠ᠂ ᠡᠨᠡ ᠨᠢ ᠲᠠᠷᠢᠶᠠᠴᠢᠨ ᠡᠷᠦᠬᠡ ᠶᠢᠨ ᠰᠡᠳᠬᠢᠯ ᠢ ᠪᠠᠶᠠᠰᠬᠠᠵᠤ ᠪᠠᠶᠢᠨ᠎ᠠ᠃      ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠳᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠤᠯᠠᠭᠠᠨᠴᠠᠪ ᠬᠤᠳᠠ ᠶᠢᠨ ᠷᠦᠢ ᠲᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢ ᠯᠢᠶᠠᠩ ᠲᠣᠰᠬᠤᠨ ᠤ ᠡᠷᠭᠢᠯᠲᠡ ᠳᠤ ᠣᠷᠣᠭᠤᠯᠤᠭᠰᠠᠨ ᠵᠢᠵᠢᠭ ᠬᠡᠰᠡᠭ ᠭᠠᠵᠠᠷ ᠰᠢᠷᠣᠢ ᠶᠢ ᠡᠮᠬᠢᠯᠡᠨ ᠴᠡᠭᠴᠡᠯᠡᠭᠰᠡᠨ ᠪᠥᠭᠡᠳ ᠪᠦᠬᠦᠯᠢ ᠴᠣᠭᠴᠠ ᠶᠢᠨ ᠲᠥᠯᠥᠪᠵᠢᠭᠦᠯᠭᠡ ᠬᠢᠭᠰᠡᠨ ᠤ ᠳᠠᠷᠠᠭ᠎ᠠ ᠤᠶᠤᠨᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ᠂ 4 ᠶᠡᠭᠡ ᠭᠠᠵᠠᠷ ᠢ ᠪᠦᠷᠢᠯᠳᠦᠭᠦᠯᠵᠦ᠂ 4 ᠤᠶᠤᠨᠲᠤ ᠰᠢᠰᠲ᠋ᠧᠮ ᠢ ᠪᠠᠶᠢᠭᠤᠯᠵᠠᠢ᠃ ᠤᠶᠤᠯᠢᠭ ᠲᠠᠷᠢᠶᠠᠯᠠᠩ ᠢᠶᠠᠷ ᠳᠠᠮᠵᠢᠭᠤᠯᠤᠨ ᠤᠰᠤ ᠠᠷᠪᠢᠯᠠᠬᠤ᠂ ᠪᠤᠷᠳᠤᠭᠤᠷ ᠠᠷᠪᠢᠯᠠᠬᠤ᠂ ᠡᠮ ᠠᠷᠪᠢᠯᠠᠬᠤ᠂ ᠠᠵᠤ ᠦᠢᠯᠡᠳᠪᠦᠷᠢ ᠶᠢ ᠠᠷᠪᠢᠯᠠᠬᠤ ᠶᠢ ᠦᠨᠡᠨ ᠬᠦ ᠪᠡᠶᠡᠯᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠠᠭᠠᠰᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠪᠡ᠃       ︽ᠪᠢᠳᠡ ᠲᠠᠷᠢᠶᠠᠨ ᠭᠠᠵᠠᠷ ᠲᠤ ᠤᠰᠤᠨ ᠪᠣᠷᠳᠣᠭᠤᠷ ᠤᠰᠤᠯᠠᠬᠤ ᠠᠦ᠋ᠲ᠋ᠣ᠋ ᠰᠢᠰᠲ᠋ᠧᠮ ᠢ ᠤᠭᠰᠠᠷᠠᠭᠰᠠᠨ ᠪᠣᠯᠬᠤᠷ ᠠᠯᠪᠠᠨ ᠭᠡᠷ ᠲᠡᠭᠡᠨ ᠭᠠᠷ ᠤᠲᠠᠰᠤᠨ ᠤ ᠡᠵᠡᠮᠳᠡᠯ ᠢ ᠬᠢᠵᠦ ᠪᠣᠯᠬᠤ ᠪᠥᠭᠡᠳ ᠮᠠᠰᠢᠨ ᠢᠶᠠᠷ ᠪᠣᠷᠳᠣᠭᠤᠷ ᠣᠷᠣᠭᠤᠯᠵᠤ ᠪᠣᠯᠤᠨ᠎ᠠ᠂ ᠲᠠᠷᠢᠮᠠᠯ ᠢ ᠬᠡᠳᠦᠶ ᠬᠡᠷᠡᠭᠯᠡᠬᠦ ᠳᠤ ᠬᠦᠷᠪᠡᠯ ᠲᠡᠳᠦᠶ ᠥᠭᠴᠦ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠨᠢ ᠥᠩᠭᠡᠷᠡᠭᠰᠡᠨ ᠤ ᠬᠢ ᠠᠴᠠ ᠬᠠᠭᠠᠰ ᠢᠶᠠᠷ ᠪᠠᠭᠠᠰᠤᠭᠰᠠᠨ ᠪᠥᠭᠡᠳ ᠨᠡᠩ ᠣᠨᠣᠪᠴᠢᠲᠠᠶ᠂ ᠨᠡᠩ ᠡᠵᠡᠮᠳᠡᠵᠦ ᠪᠣᠯᠬᠤ ᠪᠣᠯᠵᠠᠶ︾ ᠃ ᠭᠡᠵᠦ ᠯᠢ ᠶᠢᠨ ᠯᠦᠩ ᠲᠠᠨᠢᠯᠴᠠᠭᠤᠯᠪᠠ᠃      ᠭᠠᠵᠠᠷ ᠰᠢᠷᠣᠶ ᠶᠢᠨ ᠡᠷᠭᠢᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠵᠢᠭᠦᠷ︾ ᠨᠡᠮᠡᠷᠢᠯᠡᠪᠡ      ︽ᠲᠣᠰᠬᠤᠨ ᠤ 5600 ᠮᠦ ᠭᠠᠵᠠᠷ ᠰᠢᠷᠣᠢ ᠶᠢ ᠪᠦᠬᠦᠨ ᠢ ᠡᠷᠭᠢᠯᠲᠡ ᠳᠤ ᠣᠷᠣᠭᠤᠯᠪᠠ᠂ ᠪᠢᠳᠡ ᠭᠠᠵᠠᠷ ᠰᠢᠷᠣᠢ ᠶᠢ ᠲᠠᠷᠢᠮᠠᠯ ᠤᠨ ᠲᠤᠮᠤ ᠡᠷᠦᠬᠡ ᠳᠤ ᠰᠢᠯᠵᠢᠭᠦᠯᠦᠨ ᠥᠭᠴᠦ᠂ ᠲᠠᠷᠢᠮᠠᠯ ᠤᠨ ᠲᠤᠮᠤ ᠡᠷᠦᠬᠡ ᠶᠢ ᠪᠠᠰᠠ ᠱᠠᠩᠳᠤ ᠰᠢᠶᠠᠨ ᠤ ᠮᠢ ᠯᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠴᠡᠢ᠂ ᠡᠨᠡ ᠬᠡᠳᠦᠨ ᠵᠢᠯ ᠳᠤ᠂ ᠲᠣᠰᠬᠤᠨ ᠤ ᠵᠠᠯᠠᠭᠤᠴᠤᠳ ᠪᠦᠷ ᠭᠠᠳᠠᠭᠰᠢ ᠭᠠᠷᠴᠤ ᠬᠥᠯᠥᠰᠥᠨ ᠠᠵᠢᠯ ᠬᠢᠪᠡ᠂ ᠦᠯᠡᠳᠡᠭᠰᠡᠨ ᠨᠢ ᠪᠦᠷ ᠨᠠᠰᠤᠲᠠᠶᠢᠴᠤᠳ ᠪᠣᠯᠤᠨ᠎ᠠ᠂ ᠪᠢ ᠪᠣᠯ ᠬᠠᠮᠤᠭ ᠤᠨ ᠵᠠᠯᠠᠭᠤ ᠬᠥᠮᠦᠨ ᠶᠤᠮ᠂ ᠡᠶᠢᠮᠦ ᠠᠴᠠ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠨᠢ ᠲᠠᠷᠢᠶᠠᠴᠢᠳ ᠲᠤ ᠠᠪᠴᠤ ᠬᠡᠯᠡᠪᠡᠯ ᠰᠠᠶᠢᠨ ᠶᠠᠪᠤᠳᠠᠯ ᠪᠣᠯᠤᠨ᠎ᠠ︾᠃ ᠱᠠᠩᠳᠤ ᠰᠢᠶᠠᠨ ᠤ ᠴᠢ ᠲᠠᠢ ᠪᠠᠯᠭᠠᠰᠤᠨ ᠤ ᠶᠠᠩ ᠵᠢᠶᠠ ᠲᠣᠰᠬᠤᠨ ᠤ ᠵᠥᠪᠯᠡᠯ ᠤᠨ ᠳᠡᠳ᠋ ᠱᠦᠵᠢ ᠭᠦᠸᠧ ᠷᠦᠨ ᠫᠢᠩ ᠭᠡᠷ ᠤᠨ ᠢᠶᠠᠨ ᠡᠭᠦᠳᠡᠨ ᠳᠠᠬᠢ ᠨᠣᠬᠠᠶ ᠶᠢᠨ ᠬᠤᠰᠢᠭᠤ ᠶᠢᠨ ᠡᠪᠡᠰᠦ ᠶᠢ ᠰᠢᠷᠲᠡᠨ ᠶᠠᠷᠢᠨ᠎ᠠ᠃      ᠭᠦᠸᠧ ᠷᠦᠨ ᠫᠢᠩ ᠤᠨ ᠠᠮᠠᠨ ᠳᠤ ᠬᠡᠯᠡᠵᠦ ᠪᠠᠶᠢᠭ᠎ᠠ ᠱᠠᠩᠳᠤ ᠰᠢᠶᠠᠨ ᠤ ᠮᠢ ᠯᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠠᠷᠢᠵᠤ ᠲᠡᠵᠢᠭᠡᠬᠦ ᠪᠠᠷ ᠭᠤᠣᠯ ᠪᠣᠯᠭᠠᠭᠰᠠᠨ ᠨᠢᠭᠡᠨ ᠠᠵᠤ ᠠᠬᠤᠶᠢᠯᠠᠯ ᠪᠣᠯᠤᠨ᠎ᠠ᠃ 2023 ᠣᠨ ᠳᠤ᠂ ᠲᠣᠰ ᠺᠣᠮᠫᠠᠨᠢ ᠵᠠᠯᠭᠠᠭᠠᠪᠡᠷ 4 ᠲᠦᠮᠡ ᠭᠠᠷᠤᠶ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠡᠨᠡ ᠬᠦ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠶ ᠳᠡᠭᠡᠷ᠎ᠡ ᠨᠣᠬᠠᠶ ᠶᠢᠨ ᠬᠤᠰᠢᠭᠤ ᠶᠢᠨ ᠡᠪᠡᠰᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠵᠡᠷᠭᠡ ᠶᠢ ᠳᠠᠷᠢᠭᠰᠠᠨ ᠪᠠᠶᠢᠨ᠎ᠠ᠃      ᠨᠣᠬᠠᠶ ᠶᠢᠨ ᠬᠤᠰᠢᠭᠤ ᠶᠢᠨ ᠡᠪᠡᠰᠦ ᠲᠠᠷᠢᠭᠰᠠᠨ ᠤ ᠤᠴᠢᠷ ᠢ ᠬᠡᠯᠡᠪᠡᠯ ᠱᠠᠩᠳᠤ ᠰᠢᠶᠠᠨ ᠤ ᠠ ᠮᠢ ᠯᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠩ ᠵᠢᠶᠠ ᠭᠤᠤ ᠥᠪᠡᠷ ᠤᠨ ᠦᠵᠡᠯᠲᠡ ᠲᠠᠢ᠄ ︽ᠤᠴᠢᠷ ᠨᠢ ᠠᠳᠡᠬᠢ ᠵᠢᠮ᠎ᠡ ᠶᠣᠰᠣ ᠪᠣᠯ ᠳᠠᠷᠤᠶ ᠬᠠᠪᠤᠷ ᠤᠨ ᠭᠠᠩ ᠪᠣᠯᠤᠨ᠎ᠠ᠂ ᠬᠠᠪᠤᠷ ᠤᠨ ᠡᠬᠢᠨ ᠳᠤ ᠣᠨᠴᠠᠭᠠᠶ ᠭᠠᠩ ᠬᠠᠭᠤᠷᠠᠶ᠂ ᠠᠮᠤ ᠪᠤᠳᠠᠭ᠎ᠠ ᠳᠠᠷᠢᠬᠤ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠳᠠᠭ᠂ ᠭᠡᠲᠡᠯ᠎ᠡ ᠨᠣᠬᠠᠶ ᠶᠢᠨ ᠬᠤᠰᠢᠭᠤ ᠶᠢᠨ ᠡᠪᠡᠰᠦᠨ ᠤ ᠤᠨᠳᠤᠷᠤᠯᠲᠠ ᠶᠢᠨ ᠨᠣᠷᠮ᠎ᠠ ᠨᠢ ᠥᠨᠳᠥᠷ᠂ ᠲᠡᠭᠦᠨ ᠤ ᠤᠷᠭᠤᠯᠲᠠ ᠶᠢᠨ ᠬᠤᠭᠤᠴᠠᠭ᠎ᠠ ᠨᠢ 60 ᠭᠠᠷᠦ᠋ᠢᠬᠠᠨ ᠡᠳᠦᠷ ᠪᠠᠶᠢᠳᠠᠭ᠂ 7 ᠰᠠᠷ᠎ᠠ ᠶᠢᠨ ᠦᠶᠡᠷ ᠤᠨ ᠬᠤᠭᠤᠴᠠᠭᠠᠨ ᠳᠤ ᠬᠡᠳᠦᠨ ᠤᠳᠠᠭ᠎ᠠ ᠪᠣᠷᠣᠭᠠᠨ ᠣᠷᠣᠪᠠᠯ ᠮᠠᠰᠢ ᠰᠠᠶᠢᠨ ᠤᠷᠭᠤᠳᠠᠭ ᠪᠣᠯᠬᠤᠷ ᠡᠪᠡᠰᠦ ᠳᠠᠷᠢᠬᠤ ᠳᠤ ᠨᠡᠯᠢᠶᠡᠳ ᠲᠣᠬᠢᠷᠠᠮᠵᠢᠲᠠᠶ ᠪᠥᠭᠡᠳ ᠮᠢᠨᠦ ᠲᠡᠷᠡ ᠲᠦᠮᠡ ᠭᠠᠷᠤᠶ ᠦᠬᠡᠷ ᠤᠨ ᠡᠪᠡᠰᠦ ᠪᠣᠷᠳᠣᠭᠠᠨ ᠤ ᠠᠰᠠᠭᠤᠳᠠᠯ ᠢ ᠴᠤ ᠬᠠᠩᠭᠠᠵᠤ ᠲᠠᠶᠢᠯᠤᠨ᠎ᠠ︾ ᠭᠡᠵᠦ ᠵᠢᠭᠠᠵᠤ ᠭᠠᠷᠭᠠᠵᠠᠶ᠃ ︽ᠤᠴᠢᠷ ᠨᠢ ᠠᠳᠡ ᠪᠣᠯ ᠬᠠᠪᠤᠷ ᠤᠨ ᠭᠠᠩ ᠬᠠᠭᠤᠷᠠᠶ ᠪᠠᠶᠢᠳᠠᠭ᠂ ᠡᠶᠢᠮᠦ ᠠᠴᠠ ᠡᠪᠡᠰᠦ ᠳᠠᠷᠢᠬᠤ ᠳᠤ ᠨᠡᠯᠢᠶᠡᠳ ᠲᠣᠬᠢᠷᠠᠮᠵᠢᠲᠠᠶ ᠪᠠᠶᠢᠳᠠᠭ᠂ ᠭᠡᠬᠦ ᠳᠡᠭᠡᠨ ᠨᠣᠬᠠᠶ ᠶᠢᠨ ᠬᠤᠰᠢᠭᠤ ᠶᠢᠨ ᠡᠪᠡᠰᠦᠨ ᠤ ᠤᠨᠳᠤᠷᠤᠯᠲᠠ ᠶᠢᠨ ᠨᠣᠷᠮ᠎ᠠ ᠨᠢ ᠨᠡᠯᠢᠶᠡᠳ ᠶᠡᠭᠡ ᠪᠠᠶᠢᠳᠠᠭ᠃      ᠣᠳᠣᠬᠠᠨ ᠳᠤ ᠭᠠᠵᠠᠷ ᠰᠢᠷᠣᠶ ᠲᠥᠪᠯᠡᠷᠡᠨ ᠵᠠᠯᠭᠠᠯᠳᠤᠭᠰᠠᠨ ᠪᠣᠯᠬᠤᠷ ᠬᠠᠮᠢᠶᠠᠷᠬᠤ ᠳᠤ ᠲᠦᠬᠦᠮ᠂ ᠺᠣᠮᠫᠠᠨᠢ ᠠᠴᠠ 3 ᠮᠢᠩᠭ᠎ᠠ ᠭᠠᠷᠤᠶ ᠲᠦᠮᠡᠨ ᠮᠧᠬᠠᠨᠢᠭᠴᠢᠯᠠᠭᠰᠠᠨ ᠲᠥᠬᠦᠭᠡᠷᠦᠮᠵᠢ ᠳᠤ ᠪᠡᠯᠡ ᠣᠷᠣᠭᠤᠯᠵᠤ᠂ ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠨᠢ ᠦᠷ᠎ᠡ ᠬᠤᠷᠢᠶᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷ ᠤᠨ ᠦᠷᠳᠡᠭ ᠢ ᠠᠷᠪᠢᠯᠠᠭᠰᠠᠨ ᠢᠶᠠᠷ ᠪᠠᠷᠠᠬᠤ ᠦᠭᠡᠢ ᠪᠠᠰᠠ ᠬᠥᠮᠦᠨ ᠤ ᠬᠦᠴᠦᠨ ᠤ ᠣᠷᠣᠭᠤᠯᠤᠯᠲᠠ ᠶᠢ ᠶᠡᠭᠡ ᠪᠠᠷ ᠪᠠᠭᠠᠰᠬᠠᠵᠠᠶ᠃      ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠪᠡᠷᠬᠡ ᠰᠡᠳᠦᠪ ᠢ  ᠰᠢᠢᠳᠪᠦᠷᠢᠯᠡᠵᠦ᠂ ᠲᠣᠰᠬᠤᠨ ᠳᠤ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠭᠰᠠᠨ ᠢᠶᠠᠷ ᠪᠠᠷᠠᠬᠤ ᠥᠬᠡᠶ᠂ ᠲᠠᠷᠢᠶᠠᠴᠢᠳ ᠤᠨ ︽ᠵᠣᠭᠤᠰ ᠤᠨ ᠤᠭᠤᠲᠠ︾ ᠶᠢ ᠴᠤ ᠤᠯᠠᠮ ᠬᠥᠪᠴᠢᠯᠡᠭᠰᠡᠨ ᠪᠠᠶᠢᠨ᠎ᠠ᠃      ︽ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠴᠠ ᠡᠮᠦᠨ᠎ᠡ᠂ ᠲᠠᠷᠢᠶ᠎ᠠ ᠳᠠᠷᠢᠬᠤ ᠥᠪᠡᠷ ᠤᠨ ᠥᠷᠲᠡᠭ ᠨᠢ ᠥᠨᠳᠥᠷ ᠪᠠᠶᠢᠬᠤ ᠪᠠᠷ ᠪᠠᠷᠠᠬᠤ ᠥᠬᠡᠶ᠂ ᠬᠤᠷᠢᠶᠠᠯᠲᠠ ᠨᠢ ᠴᠦ ᠲᠩᠷᠢ ᠶᠢ ᠯᠡ ᠦᠵᠡᠨ᠎ᠡ᠃ ᠣᠲᠣ ᠲᠠᠷᠢᠶᠠᠯᠠᠩ ᠤᠨ ᠲᠣᠮᠣ ᠡᠷᠦᠬᠡ ᠲᠠᠢ ᠭᠡᠷ᠎ᠡ ᠲᠣᠭᠲᠠᠵᠤ᠂ ᠮᠥ ᠪᠦᠷᠢ ᠠᠴᠠ 120 ᠲᠥᠭᠦᠷᠢᠭ ᠠᠴᠠ 200 ᠲᠥᠭᠦᠷᠢᠭ ᠤᠨ ᠬᠤᠭᠤᠷᠣᠨᠳᠣ ᠥᠭᠴᠦ ᠲᠠᠶᠢᠯᠤᠨ᠎ᠠ᠂ ᠪᠢᠳᠡ ᠰᠠᠨᠠᠭ᠎ᠠ ᠠᠮᠤᠷ ᠪᠠᠶᠢᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠶᠢ ᠴᠦ ᠰᠠᠭᠠᠲᠠᠭᠠᠬᠤ ᠥᠬᠡᠶ ᠮᠥᠷᠲᠡᠭᠡᠨ ᠪᠠᠰᠠ ᠨᠢᠭᠡ ᠮᠥᠩᠭᠦ ᠢᠯᠡᠭᠦᠤ ᠣᠯᠵᠤ ᠲᠠᠶᠢᠯᠤᠨ᠎ᠠ︾ ᠭᠡᠵᠡᠶ᠃ ᠭᠡᠵᠦ ᠭᠦᠸᠧ ᠷᠦᠨ ᠫᠢᠩ ᠰᠤᠷᠪᠤᠯᠵᠢᠯᠠᠭᠴᠢ ᠳᠤ ᠬᠡᠯᠡᠪᠡ᠃      ᠣᠳᠣᠬᠠᠨ ᠳᠤ᠂ ᠤᠯᠠᠭᠠᠨᠴᠠᠪ ᠬᠤᠲᠠ ᠮᠥᠨ ᠬᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠣᠯᠠᠨ ᠵᠦᠢᠯ ᠤᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠡᠪᠴᠢᠶᠡᠵᠢᠭᠰᠡᠨ ᠡᠵᠡᠩᠨᠡᠯᠲᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠤᠶᠤᠨᠲᠤ ᠲᠠᠷᠢᠶᠠᠯᠠᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠲᠦᠷᠭᠡᠨ ᠤᠷᠤᠭᠰᠢᠯᠠᠬᠤ ᠬᠤᠷᠢᠭ᠎ᠠ︾ ᠶᠢ ᠡᠯᠭᠦᠵᠦ ᠪᠠᠶᠢᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3