ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ | ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ | ᠦᠢᠯᠡᠳᠦᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠤᠰᠠᠳᠠ᠂ 2023 ᠣᠨ ᠤ 9 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠰᠠᠶᠢᠬᠤᠰᠤ | ᠪᠠᠯᠭᠠᠰᠤ ᠲᠠᠷᠢᠶᠠᠯᠠᠩ ᠤᠨ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠠᠳᠠᠭᠠᠯᠠᠬᠤ | ᠴᠥᠭᠦᠷᠥᠮ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠰᠬᠤᠨ ᠤ ᠠᠷᠠᠳ ᠤᠨ ᠵᠥᠪᠯᠡᠯ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠳᠠᠯ ᠢ ᠪᠠᠶᠢᠴᠠᠭᠠᠨ | ᠣᠶᠢᠯᠠᠭᠠᠵᠤ᠂ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠤᠰᠤᠯᠠᠯᠲᠠ ᠶᠢᠨ ᠤᠰᠤ ᠬᠠᠳᠠᠭᠠᠯᠠᠬᠤ | ᠴᠥᠭᠦᠷᠥᠮ ᠢ ᠴᠡᠭᠴᠡᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ | ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠲᠣᠰᠬᠤᠨ ᠤ ᠳᠡᠰ ᠤᠨ ᠤᠢ ᠰᠢᠭᠤᠢ ᠶᠢᠨ | ᠳᠠᠷᠤᠭ᠎ᠠ ᠶᠢᠨ ᠳᠦᠷᠢᠮ ᠢᠶᠠᠷ ᠬᠠᠷᠢᠭᠤᠴᠠᠯᠭ᠎ᠠ ᠶᠢᠨ ᠣᠷᠣᠨ ᠲᠣᠭᠤᠷᠢᠭ ᠬᠤᠪᠢᠶᠠᠷᠢᠯᠠᠵᠤ᠂ ᠲᠣᠰᠬᠤᠨ ᠤ ︽ᠬᠤᠶᠠᠷ ᠵᠥᠪᠯᠡᠯ | ︾ ᠤᠨ ᠤᠰᠤ ᠬᠠᠳᠠᠭᠠᠯᠠᠬᠤ ᠴᠥᠭᠦᠷᠥᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠡᠨ ᠬᠡᠷᠡᠭᠯᠡᠪᠡᠯ ᠬᠡᠨ ᠬᠠᠮᠢᠶᠠᠷᠤᠯᠲᠠ ᠶᠢᠨ ᠵᠠᠷᠴᠢᠮ ᠢ ᠵᠢᠷᠤᠮᠯᠠᠵᠤ᠂ ᠬᠤᠶᠢᠰᠢᠳᠠ ᠲᠣᠭᠲᠠᠭᠠᠯ ᠠᠴᠠ ᠵᠥᠷᠢᠴᠡᠨ ᠤᠰᠤ | ᠬᠠᠳᠠᠭᠠᠯᠠᠬᠤ ᠴᠥᠭᠦᠷᠥᠮ ᠢ ᠮᠠᠯᠲᠠᠬᠤ ᠵᠡᠷᠭᠡ ᠦᠵᠡᠭᠳᠡᠯ ᠭᠠᠷᠬᠤ ᠦᠭᠡᠢ ᠪᠠᠶᠢᠬᠤ ᠶᠢ ᠪᠠᠲᠤᠯᠠᠨ᠎ᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |