ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠳ᠋ᠠ ᠲᠦᠩ ᠶᠣᠣ ᠰᠢᠶᠠᠩ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/21
      ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 18 ᠤ ᠡᠳᠦᠷ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠲᠦᠷᠦᠭᠦᠯᠡᠨ ᠬᠡᠰᠡᠭ ᠰᠢᠶᠠᠨ ᠤ ᠨᠠᠮ ᠤᠨ ᠲᠥᠯᠥᠭᠡᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠵᠤ ᠰᠢᠶᠠᠨ ᠤ ᠳ᠋ᠠ ᠲᠦᠩ ᠶᠣᠣ ᠰᠢᠶᠠᠩ ᠳᠤ ᠭᠦᠨᠵᠡᠭᠡᠶᠢᠷᠡᠭᠦᠯᠦᠨ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃
     ᠪᠠᠶᠢᠴᠠᠭᠠᠨ ᠰᠤᠳᠤᠯᠬᠤ ᠶᠠᠪᠤᠴᠠ ᠳᠤ᠂ ᠲᠥᠯᠥᠭᠡᠯᠡᠭᠴᠢᠳ ᠪᠣᠯᠤᠨ ᠭᠡᠰᠢᠭᠦᠳ ᠲᠠᠷᠢᠶᠠᠨ ᠭᠠᠵᠠᠷ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠣᠯᠤᠨ ᠲᠠᠷᠢᠶᠠᠴᠢᠨ ᠡᠷᠦᠬᠡ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠪᠠ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ ᠳ᠋ᠠ ᠲᠦᠩ ᠶᠣᠣ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠪᠣᠯᠤᠨ ᠣᠯᠤᠭᠰᠠᠨ ᠠᠮᠵᠢᠯᠲᠠ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠭᠵᠢᠯᠲᠡ᠂ ᠵᠠᠰᠠᠯᠲᠠ ᠶᠢ ᠴᠢᠨᠠᠭᠰᠢᠳᠠ ᠠᠬᠢᠭᠤᠯᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃      ᠲᠥᠯᠥᠭᠡᠯᠡᠭᠴᠢᠳ ᠪᠣᠯᠤᠨ ᠭᠡᠰᠢᠭᠦᠳ ᠢᠯᠡᠷᠬᠡᠶᠢᠯᠡᠭᠰᠡᠨ ᠨᠢ᠂ ᠬᠤᠶᠢᠰᠢᠳᠠ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠶᠢᠨ ᠠᠵᠢᠯ ᠳᠤ ᠠᠩᠬᠠᠷᠤᠯ ᠲᠥᠪᠯᠡᠷᠡᠭᠦᠯᠵᠦ᠂ ᠲᠥᠯᠥᠭᠡᠯᠡᠭᠴᠢ ᠪᠣᠯᠤᠨ ᠭᠡᠰᠢᠭᠦᠨ ᠤ ᠡᠭᠦᠷᠭᠡ ᠴᠢᠳᠠᠪᠬᠢ ᠶᠢ ᠪᠠᠶᠢᠩᠭᠤᠵᠢᠭᠤᠯᠤᠨ ᠰᠠᠶᠢᠲᠤᠷ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠤᠯᠠᠨ ᠴᠢᠨᠠᠷ ᠰᠠᠶᠢᠲᠠᠢ ᠵᠥᠪᠯᠡᠯᠭᠡ ᠪᠠ ᠰᠠᠨᠠᠭᠤᠯᠭ᠎ᠠ ᠳᠤᠷᠠᠳᠴᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠨᠠᠮ ᠤᠨ ᠳᠠᠭᠤᠨ ᠢ ᠳᠠᠮᠵᠢᠭᠤᠯᠵᠤ᠂ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠭᠡᠰᠢᠭᠦᠳ ᠤᠨ ᠬᠦᠴᠦᠨ ᠢ ᠨᠢᠭᠲᠠᠷᠠᠭᠤᠯᠵᠤ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠳᠤ ᠦᠢᠯᠡᠴᠢᠯᠡᠵᠦ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3