ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠰᠢᠩ ᠾᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2023/9/22
      ᠨᠢᠭᠡ᠂ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠰᠢᠩ ᠡᡁᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠭᠰᠠᠨ ᠤ ᠠᠬᠤᠢ ᠪᠠᠶᠢᠳᠠᠯ ᠪᠣᠯᠤᠨ ᠠᠴᠢ ᠬᠤᠯᠪᠣᠭᠳᠠᠯ ᠨᠢ ᠶᠠᠭᠤ ᠪᠤᠢ︖      ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶᠎ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2022 ︺ 11 ᠳ᠋ᠦᠭᠡᠷ ᠲᠣᠭᠠᠲᠤ︶ ᠪᠣᠯᠤᠨ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶︾᠎ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠬᠡᠷᠡᠭᠵᠢᠭᠦᠯᠬᠦ ᠲᠥᠰᠦᠯ ︵2023 — 2025 ᠣᠨ︶᠎ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠩ ᠡᡁᠧ ᠰᠢᠶᠠᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ 2023 ᠣᠨ ᠤ 9 ᠰᠠᠷ᠎ᠠ ᠶᠢᠨ 18᠎ ᠤ ᠡᠳᠦᠷ᠂ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ︽ᠰᠢᠩ ᠡᡁᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ︵ᠰᠢᠩ ᠵᠧᠩ ᠲᠠᠷᠬᠠᠭᠠᠭᠰᠠᠨ ﹇2023﹈ 32 ᠳ᠋ᠤᠭᠠᠷ ᠲᠣᠭᠠᠲᠤ᠂ ᠳᠣᠷᠣᠭᠰᠢ ︽ᠠᠵᠢᠯ ᠤᠨ ᠠᠷᠭ᠎ᠠ  ᠬᠡᠮᠵᠢᠶ᠎ᠡ︾ ᠭᠡᠵᠦ ᠳᠥᠭᠦᠮᠴᠢᠯᠡᠨ᠎ᠡ︶᠎ ᠶᠢ ᠳᠠᠷᠤᠮᠠᠯᠯᠠᠨ ᠲᠠᠷᠬᠠᠭᠠᠪᠠ᠃ ᠡᠨᠡ ᠪᠣᠯ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠩᠬ᠎ᠠ ᠤᠳᠠᠭ᠎ᠠ ᠳᠠᠷᠤᠮᠠᠯᠯᠠᠨ ᠲᠠᠷᠬᠠᠭᠠᠭᠰᠠᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃      ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠲᠦᠢᠯ ᠤᠨ ᠶᠡᠭᠡ ᠴᠠᠭ ᠠᠭᠤᠷ ᠤᠯᠠᠨ ᠡᠭᠦᠰᠴᠦ᠂ ᠣᠯᠠᠨᠲᠠ ᠡᠭᠦᠰᠴᠦ᠂ ᠳᠠᠪᠬᠤᠴᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠴᠠᠭ ᠠᠭᠤᠷ ᠤᠨ ᠨᠥᠯᠥᠭᠡ ᠶᠢᠨ ᠰᠡᠷᠭᠡᠭ ᠴᠢᠨᠠᠷ ᠪᠣᠯᠤᠨ ᠬᠤᠯᠪᠣᠯᠳᠤᠬᠤ ᠴᠢᠨᠠᠷ ᠤᠯᠠᠮ ᠠᠴᠠ ᠤᠯᠠᠮ ᠴᠢᠩᠭᠠᠷᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡᠨ ᠤ ᠬᠡᠷᠡᠭᠴᠡᠭᠡ ᠤᠯᠠᠮ ᠠᠴᠠ ᠤᠯᠠᠮ ᠨᠠᠷᠢᠯᠢᠭ ᠪᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠳᠤ ᠲᠠᠯᠪᠢᠬᠤ ᠱᠠᠭᠠᠷᠳᠠᠯᠭ᠎ᠠ ᠤᠯᠠᠮ ᠠᠴᠠ ᠤᠯᠠᠮ ᠲᠤᠯᠭᠠᠮ᠎ᠠ ᠪᠣᠯᠪᠠ᠃ ᠭᠡᠪᠡᠴᠦ ᠰᠢᠨ᠎ᠡ ᠬᠥᠭᠵᠢᠯᠲᠡ ᠶᠢᠨ ᠱᠠᠲᠤᠨ ᠳᠠᠬᠢ ᠴᠠᠭ ᠠᠭᠤᠷ ᠤᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠲᠠᠢ ᠬᠠᠷᠢᠴᠠᠭᠤᠯᠪᠠᠯ᠂ ᠮᠠᠨ ᠤ ᠰᠢᠶᠠᠨ ᠤ ᠴᠠᠭ ᠠᠭᠤᠷ ᠤᠨ ᠬᠥᠭᠵᠢᠯᠲᠡ ᠳᠤ ᠪᠠᠰᠠ ᠪᠠᠭ᠎ᠠ ᠪᠤᠰᠤ ᠵᠦᠷᠢᠶ᠎ᠡ ᠣᠷᠣᠰᠢᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠨᠢ ᠲᠦᠢᠯ ᠤᠨ ᠴᠢᠬᠤᠯᠠ ᠪᠥᠭᠡᠳ ᠪᠠᠴᠢᠮ ᠲᠤᠯᠭᠠᠮ᠎ᠠ ᠶᠤᠮ᠃ ︽ᠠᠵᠢᠯ ᠤᠨ ᠠᠷᠭ᠎ᠠ ᠬᠡᠮᠵᠢᠶ᠎ᠡ︾᠎ ᠳᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠶᠢ ᠳᠤᠷᠠᠳᠤᠨ ᠭᠠᠷᠭᠠᠵᠤ᠂ 2025 ᠣᠨ ᠪᠣᠯᠲᠠᠯᠠᠬᠢ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠠ 2035 ᠣᠨ ᠤ ᠠᠯᠤᠰ ᠤᠨ ᠬᠠᠷᠠᠯᠲᠠ ᠶᠢ ᠲᠣᠳᠣᠷᠬᠠᠶ ᠲᠣᠭᠲᠠᠭᠠᠵᠠᠶ᠂ ᠡᠨᠡ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠢᠩ ᠾᠧ ᠰᠢᠶᠠᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃      ᠬᠤᠶᠠᠷ᠂ ︽ᠠᠵᠢᠯ ᠤᠨ ᠠᠷᠭ᠎ᠠ ᠬᠡᠮᠵᠢᠶ᠎ᠡ︾᠎ ᠶᠢᠨ ᠭᠤᠣᠯ ᠠᠭᠤᠯᠭ᠎ᠠ ᠨᠢ ᠶᠠᠭᠤ ᠪᠤᠢ︖      ︽ᠠᠵᠢᠯ ᠤᠨ ᠠᠷᠭ᠎ᠠ ᠬᠡᠮᠵᠢᠶ᠎ᠡ︾᠎ ᠨᠢ ᠭᠤᠷᠪᠠᠨ ᠬᠡᠰᠡᠭ ᠢᠶᠠᠷ ᠪᠦᠷᠢᠯᠳᠦᠵᠡᠶ᠃      ᠨᠢᠭᠡᠳᠦᠭᠡᠷ ᠬᠡᠰᠡᠭ ᠲᠤ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠵᠢᠯᠣᠭᠤᠳᠬᠤ ᠦᠵᠡᠯ ᠰᠠᠨᠠᠭ᠎ᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶ ᠪᠣᠯᠭᠠᠪᠠ᠃      ᠬᠤᠶᠠᠳᠤᠭᠠᠷ ᠬᠡᠰᠡᠭ ᠨᠢ ᠭᠤᠣᠯ ᠠᠷᠭ᠎ᠠ ᠬᠡᠮᠵᠢᠶ᠎ᠡ ᠪᠣᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠠᠴᠠ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠪᠠ ᠠᠭᠤᠷ ᠠᠮᠢᠰᠬᠤᠯ ᠤᠨ ᠡᠬᠢ ᠪᠠᠶᠠᠯᠢᠭ ᠤᠨ ᠴᠠᠭ ᠠᠭᠤᠷ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ ᠪᠠᠶᠢᠭᠤᠯᠤᠯᠲᠠ᠂ ᠣᠯᠠᠨ ᠨᠡᠶᠢᠲᠡ ᠶᠢᠨ ᠴᠠᠭ ᠠᠭᠤᠷ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ᠂ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠵᠡᠷᠭᠡ 7 ᠲᠠᠯ᠎ᠠ ᠪᠠᠷ 21 ᠵᠦᠢᠯ ᠤᠨ ᠬᠥᠭᠵᠢᠯᠲᠡ ᠶᠢᠨ ᠡᠭᠦᠷᠭᠡ ᠶᠢ ᠳᠤᠷᠠᠳᠪᠠ᠃      ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ᠂ ᠠᠵᠢᠯ ᠤᠨ ᠦᠨᠡᠯᠡᠯᠲᠡ ᠶᠢ ᠴᠢᠩᠭᠠᠳᠬᠠᠬᠤ ᠵᠡᠷᠭᠡ 4 ᠲᠠᠯ᠎ᠠ ᠶᠢ ᠪᠠᠭᠲᠠᠭᠠᠨ᠎ᠠ᠃      ᠭᠤᠷᠪᠠ᠂ ᠪᠢᠴᠢᠭ ᠮᠠᠲᠧᠷᠢᠶᠠᠯ ᠳᠤ 2025 ᠣᠨ᠂ 2035 ᠣᠨ ᠪᠣᠯᠲᠠᠯᠠᠬᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠳᠤᠷᠠᠳᠴᠠᠢ᠂ ᠡᠨᠡᠬᠦ ᠬᠠᠷᠠᠯᠲᠠ ᠶᠢ ᠬᠡᠷᠬᠢᠨ ᠲᠣᠭᠲᠠᠭᠠᠭᠰᠠᠨ ᠪᠤᠢ︖      ᠬᠠᠷᠠᠯᠲᠠ ᠶᠢ ᠳᠤᠷᠠᠳᠤᠭᠰᠠᠨ ᠨᠢ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠷᠠᠭᠤᠯᠵᠤ᠂ ᠴᠠᠭ ᠠᠭᠤᠷ ᠤᠨ ᠠᠵᠢᠯ ᠤᠨ ︽ᠠᠮᠢ ᠨᠠᠰᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠪᠠᠶᠢᠬᠤ︾᠎ ᠳᠤ ᠦᠵᠡᠭᠦᠯᠬᠦ ᠰᠠᠭᠤᠷᠢ ᠴᠢᠨᠠᠷᠲᠠᠢ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠩ ᠡᡁᠧ ᠰᠢᠶᠠᠨ ᠤ ᠦᠵᠡᠮᠵᠢ ᠪᠠᠶᠢᠳᠠᠯ ᠢ ᠪᠦᠬᠦ ᠲᠠᠯ᠎ᠠ ᠪᠠᠷ ᠴᠣᠭᠴᠠᠯᠠᠪᠠ᠃ ᠬᠤᠶᠠᠷ ᠲᠤ ᠰᠢᠩ ᠾᠧ ᠰᠢᠶᠠᠨ ᠤ ᠣᠳᠣᠬᠢᠴᠢᠯᠠᠭᠰᠠᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ᠤᠢᠢᠷ᠎ᠠ ᠶᠢᠨ ᠬᠤᠭᠤᠴᠠᠭᠠᠨ ᠤ ᠪᠠ ᠠᠯᠤᠰ ᠤᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠦᠨ᠎ᠡ ᠦᠷᠳᠡᠭ ᠢ ᠭᠦᠨ ᠠᠭᠤᠳᠠᠯᠵᠤ ᠂ ᠴᠠᠭ ᠠᠭᠤᠷ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠶᠠᠰᠤ ᠴᠢᠨᠠᠷ ᠦᠷ᠎ᠡ ᠠᠰᠢᠭ ᠢᠶᠠᠷ ᠥᠨᠳᠥᠷ ᠪᠢᠰᠢ᠂ ᠨᠡᠮᠡᠭᠳᠡᠯ ᠤᠨ ᠬᠥᠳᠡᠯᠭᠡᠬᠦ ᠬᠦᠴᠦᠨ ᠢᠶᠠᠷ ᠴᠢᠩᠭ᠎ᠠ ᠪᠢᠰᠢ ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠵᠤ ᠠᠬᠤᠶ ᠶᠢᠨ ᠲᠣᠭᠲᠠᠭᠤᠨ ᠢᠶᠠᠷ ᠬᠤᠯᠠ ᠠᠶᠠᠯᠠᠬᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠳᠤ ᠴᠠᠭ ᠠᠭᠤᠷ ᠤᠨ ᠦᠢᠯᠡᠴᠢᠯᠡᠭᠡᠨ ᠤ ᠨᠡᠩ ᠬᠦᠴᠦᠲᠡᠶ ᠪᠠᠲᠤᠯᠠᠭ᠎ᠠ ᠶᠢ ᠬᠠᠩᠭᠠᠨ᠎ᠠ᠃ ᠭᠤᠷᠪᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠱᠠᠭᠠᠷᠳᠠᠯᠭ᠎ᠠ ᠪᠣᠯᠤᠨ ᠲᠡᠷᠢᠭᠦᠨ ᠤ ᠬᠤᠰᠢᠭᠤ ᠰᠢᠶᠠᠨ ᠤ ᠴᠠᠭ ᠠᠭᠤᠷ ᠤᠨ ᠬᠥᠭᠵᠢᠯᠲᠡ ᠶᠢᠨ ᠬᠢᠷᠢ ᠲᠦᠪᠰᠢᠨ ᠢ ᠪᠠᠷᠢᠮᠵᠢᠶᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠢᠩ ᠾᠧ ᠰᠢᠶᠠᠨ ᠤ ᠪᠤᠶᠢᠳᠠ ᠪᠥᠭᠯᠡᠭᠦᠦ ᠭᠠᠵᠠᠷ ᠣᠷᠣᠨ ᠤ ᠴᠠᠭ ᠠᠭᠤᠷ ᠤᠨ ᠠᠵᠢᠭᠯᠠᠯᠲᠠ ᠨᠠᠷᠢᠯᠢᠭ ᠪᠤᠰᠤ᠂ ᠲᠤᠭ᠎ᠠ ᠬᠡᠮᠵᠢᠭᠳᠡᠯ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠵᠠᠭᠪᠤᠷ ᠤᠨ ᠬᠡᠷᠡᠭᠯᠡᠯᠲᠡ ᠶᠢᠨ ᠲᠦᠪᠰᠢᠨ ᠥᠨᠳᠥᠷ ᠪᠤᠰᠤ᠂ ᠴᠠᠭ ᠠᠭᠤᠷ ᠤᠨ ᠦᠢᠯᠡᠴᠢᠯᠡᠭᠡᠨ ᠤ ᠨᠠᠷᠢᠯᠢᠬᠵᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠳᠡᠭᠡᠳᠦ ᠳᠡᠰ ᠤᠨ ᠴᠢᠳᠠᠪᠤᠷᠢᠲᠠᠨ ᠪᠠ ᠥᠨᠳᠥᠷ ᠲᠦᠪᠰᠢᠨ ᠤ ᠰᠢᠨ᠎ᠡ ᠶᠢ ᠡᠭᠦᠳᠬᠦ ᠪᠦᠯᠬᠦᠮ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ 2025 ᠣᠨ᠂ 2035 ᠣᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠲᠠᠷᠠᠭᠠᠴᠢ ᠶᠢᠨ ᠠᠯᠬᠤᠮ ᠤᠨ ᠠᠵᠢᠯ      ᠡᠯ᠎ᠡ ᠨᠢᠭᠡᠴᠡ ᠨᠦᠭᠦᠳ ᠬᠠᠮᠵᠢᠯᠴᠠᠨ ᠬᠠᠮᠵᠢᠯᠴᠠᠵᠤ᠂ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠵᠦᠢ ᠵᠣᠬᠢᠰᠲᠠᠶ ᠪᠠᠶᠢᠷᠢᠰᠢᠭᠤᠯᠵᠤ᠂ ᠬᠥᠭᠵᠢᠯᠲᠡ ᠶᠢᠨ ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠴᠠᠭ ᠠᠭᠤᠷ ᠤᠨ ᠠᠵᠢᠭᠯᠠᠯᠲᠠ ᠶᠢᠨ ᠱᠠᠭᠠᠷᠳᠠᠯᠭ᠎ᠠ ᠶᠢ ᠲᠡᠰᠦᠷᠡᠯᠳᠠ ᠤᠢᠭᠡᠢ ᠵᠢᠷᠤᠮᠵᠢᠭᠤᠯᠤᠨ᠎ᠠ᠃ ᠤᠯᠠᠨ ᠬᠦᠷᠢᠶ᠎ᠡ ᠶᠢ ᠠᠭᠤᠰᠤᠯᠴᠠᠭᠤᠯᠤᠨ ᠬᠥᠭᠵᠢᠭᠦᠯᠵᠦ᠂ ᠪᠦᠬᠦ ᠬᠦᠷᠢᠶᠡᠨ ᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠪᠠᠰᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠯᠲᠡ ᠵᠡᠷᠭᠡ ᠦᠢᠯᠡᠴᠢᠯᠡᠭᠡ ᠶᠢ ᠵᠢᠷᠤᠮᠵᠢᠭᠤᠯᠵᠤ᠂ ᠴᠠᠭ ᠠᠭᠤᠷ ᠤᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠮᠵᠢᠶᠠᠲᠤ ᠰᠢᠰᠲ᠋ᠧᠮ ᠤᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠬᠡᠷᠡᠭᠲᠡᠢ᠃      ︽ᠠᠵᠢᠯ ᠤᠨ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠨᠢᠭᠡ ᠳᠤ ᠴᠠᠭ ᠲᠤᠬᠠᠶ ᠳᠤᠨᠢ ᠨᠡᠪᠲᠡᠷᠡᠯᠴᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠨ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠡᠵᠡᠮᠰᠢᠵᠦ᠂ ᠡᠯ᠎ᠡ ᠵᠦᠢᠯ ᠤᠨ ᠠᠵᠢᠯ ᠤᠨ ᠬᠠᠷᠠᠯᠲᠠ ᠪᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠬᠤᠶᠠᠷ ᠲᠤ᠂ ᠠᠵᠢᠯ ᠤᠨ ᠳᠤᠬᠢᠷᠠᠭᠤᠯᠤᠯᠳᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠂ ᠬᠤᠯᠪᠣᠭᠳᠠᠯ ᠪᠦᠬᠦᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠢᠩᠭ᠎ᠠ ᠬᠦᠴᠦᠲᠡᠢ ᠠᠷᠭ᠎ᠠ  ᠬᠡᠮᠵᠢᠶ᠎ᠡ ᠪᠠᠷ ᠪᠦᠬᠦ ᠰᠢᠶᠠᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3