ᠨᠢᠭᠡ᠂ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠰᠢᠩ ᠡᡁᠧ ᠰᠢᠶᠠᠨ ᠤ ᠴᠠᠭ | ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ | ᠳᠠᠷᠤᠮᠠᠯᠯᠠᠨ ᠲᠠᠷᠬᠠᠭᠠᠭᠰᠠᠨ ᠤ ᠠᠬᠤᠢ ᠪᠠᠶᠢᠳᠠᠯ ᠪᠣᠯᠤᠨ ᠠᠴᠢ ᠬᠤᠯᠪᠣᠭᠳᠠᠯ ᠨᠢ ᠶᠠᠭᠤ ᠪᠤᠢ︖ | ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵2022 — 2035 ᠣᠨ︶ | ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ | ᠲᠠᠷᠬᠠᠭᠠᠭᠰᠠᠨ ︹ 2022 ︺ 11 ᠳ᠋ᠦᠭᠡᠷ ᠲᠣᠭᠠᠲᠤ︶ ᠪᠣᠯᠤᠨ ︽ᠴᠠᠭ ᠠᠭᠤᠷ ᠤᠨ ᠴᠢᠨᠠᠷ ᠰᠠᠶᠢᠲᠠᠶ | ᠬᠥᠭᠵᠢᠯᠲᠡ ᠶᠢᠨ ᠬᠥᠲᠥᠯᠪᠦᠷᠢ ︵2022 — 2035 ᠣᠨ︶︾ ᠶᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ | ᠲᠣᠪᠴᠢᠶ᠎ᠠ ᠶᠢᠨ ᠬᠡᠷᠡᠭᠵᠢᠭᠦᠯᠬᠦ ᠲᠥᠰᠦᠯ ︵2023 — 2025 ᠣᠨ︶ ᠤᠨ ᠱᠠᠭᠠᠷᠳᠠᠯᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠩ ᠡᡁᠧ ᠰᠢᠶᠠᠨ ᠤ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ 2023 ᠣᠨ ᠤ 9 ᠰᠠᠷ᠎ᠠ ᠶᠢᠨ 18 ᠤ ᠡᠳᠦᠷ᠂ ᠰᠢᠩ ᠡᡁᠧ | ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ︽ᠰᠢᠩ ᠡᡁᠧ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ︵ᠰᠢᠩ ᠵᠧᠩ ᠲᠠᠷᠬᠠᠭᠠᠭᠰᠠᠨ ﹇2023﹈ | 32 ᠳ᠋ᠤᠭᠠᠷ ᠲᠣᠭᠠᠲᠤ᠂ ᠳᠣᠷᠣᠭᠰᠢ ︽ᠠᠵᠢᠯ ᠤᠨ ᠠᠷᠭ᠎ᠠ ᠬᠡᠮᠵᠢᠶ᠎ᠡ︾ ᠭᠡᠵᠦ ᠳᠥᠭᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠪᠠ᠃ ᠡᠨᠡ ᠪᠣᠯ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠩᠬ᠎ᠠ ᠤᠳᠠᠭ᠎ᠠ | ᠳᠠᠷᠤᠮᠠᠯᠯᠠᠨ ᠲᠠᠷᠬᠠᠭᠠᠭᠰᠠᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠪᠢᠴᠢᠭ | ᠮᠠᠲ᠋ᠧᠷᠢᠶᠠᠯ ᠪᠣᠯᠤᠨ᠎ᠠ᠃ | ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠲᠦᠢᠯ ᠤᠨ ᠶᠡᠭᠡ ᠴᠠᠭ | ᠠᠭᠤᠷ ᠤᠯᠠᠨ ᠡᠭᠦᠰᠴᠦ᠂ ᠣᠯᠠᠨᠲᠠ ᠡᠭᠦᠰᠴᠦ᠂ ᠳᠠᠪᠬᠤᠴᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ | ᠴᠠᠭ ᠠᠭᠤᠷ ᠤᠨ ᠨᠥᠯᠥᠭᠡ ᠶᠢᠨ ᠰᠡᠷᠭᠡᠭ ᠴᠢᠨᠠᠷ ᠪᠣᠯᠤᠨ ᠬᠤᠯᠪᠣᠯᠳᠤᠬᠤ ᠴᠢᠨᠠᠷ ᠤᠯᠠᠮ ᠠᠴᠠ ᠤᠯᠠᠮ ᠴᠢᠩᠭᠠᠷᠠᠵᠤ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡᠨ ᠤ ᠬᠡᠷᠡᠭᠴᠡᠭᠡ ᠤᠯᠠᠮ ᠠᠴᠠ | ᠤᠯᠠᠮ ᠨᠠᠷᠢᠯᠢᠭ ᠪᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠳᠤ | ᠲᠠᠯᠪᠢᠬᠤ ᠱᠠᠭᠠᠷᠳᠠᠯᠭ᠎ᠠ ᠤᠯᠠᠮ ᠠᠴᠠ ᠤᠯᠠᠮ ᠲᠤᠯᠭᠠᠮ᠎ᠠ ᠪᠣᠯᠪᠠ᠃ ᠭᠡᠪᠡᠴᠦ ᠰᠢᠨ᠎ᠡ ᠬᠥᠭᠵᠢᠯᠲᠡ ᠶᠢᠨ | ᠱᠠᠲᠤᠨ ᠳᠠᠬᠢ ᠴᠠᠭ ᠠᠭᠤᠷ ᠤᠨ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠲᠠᠢ ᠬᠠᠷᠢᠴᠠᠭᠤᠯᠪᠠᠯ᠂ ᠮᠠᠨ ᠤ | ᠰᠢᠶᠠᠨ ᠤ ᠴᠠᠭ ᠠᠭᠤᠷ ᠤᠨ ᠬᠥᠭᠵᠢᠯᠲᠡ ᠳᠤ ᠪᠠᠰᠠ ᠪᠠᠭ᠎ᠠ ᠪᠤᠰᠤ ᠵᠦᠷᠢᠶ᠎ᠡ ᠣᠷᠣᠰᠢᠵᠤ᠂ ᠴᠠᠭ ᠠᠭᠤᠷ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠨᠢ ᠲᠦᠢᠯ ᠤᠨ ᠴᠢᠬᠤᠯᠠ ᠪᠥᠭᠡᠳ ᠪᠠᠴᠢᠮ ᠲᠤᠯᠭᠠᠮ᠎ᠠ ᠶᠤᠮ᠃ | ︽ᠠᠵᠢᠯ ᠤᠨ ᠠᠷᠭ᠎ᠠ ᠬᠡᠮᠵᠢᠶ᠎ᠡ︾ ᠳᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠦᠵᠡᠯ | ᠰᠠᠨᠠᠭ᠎ᠠ ᠶᠢ ᠳᠤᠷᠠᠳᠤᠨ ᠭᠠᠷᠭᠠᠵᠤ᠂ 2025 ᠣᠨ ᠪᠣᠯᠲᠠᠯᠠᠬᠢ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠠ | 2035 ᠣᠨ ᠤ ᠠᠯᠤᠰ ᠤᠨ ᠬᠠᠷᠠᠯᠲᠠ ᠶᠢ ᠲᠣᠳᠣᠷᠬᠠᠶ ᠲᠣᠭᠲᠠᠭᠠᠵᠠᠶ᠂ ᠡᠨᠡ ᠪᠣᠯ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠰᠢᠩ ᠾᠧ ᠰᠢᠶᠠᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ | ᠳᠥᠯᠭᠢᠨ ᠠᠬᠢᠭᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃ | ᠬᠤᠶᠠᠷ᠂ ︽ᠠᠵᠢᠯ ᠤᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ ᠨᠢ ᠶᠠᠭᠤ ᠪᠤᠢ︖ | ︽ᠠᠵᠢᠯ ᠤᠨ ᠠᠷᠭ᠎ᠠ ᠬᠡᠮᠵᠢᠶ᠎ᠡ︾ ᠨᠢ ᠭᠤᠷᠪᠠᠨ ᠬᠡᠰᠡᠭ ᠢᠶᠠᠷ ᠪᠦᠷᠢᠯᠳᠦᠵᠡᠶ᠃ | ᠨᠢᠭᠡᠳᠦᠭᠡᠷ ᠬᠡᠰᠡᠭ ᠲᠤ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠵᠢᠯᠣᠭᠤᠳᠬᠤ ᠦᠵᠡᠯ | ᠰᠠᠨᠠᠭ᠎ᠠ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶ ᠪᠣᠯᠭᠠᠪᠠ᠃ | ᠬᠤᠶᠠᠳᠤᠭᠠᠷ ᠬᠡᠰᠡᠭ ᠨᠢ ᠭᠤᠣᠯ ᠠᠷᠭ᠎ᠠ ᠬᠡᠮᠵᠢᠶ᠎ᠡ ᠪᠣᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠠᠴᠠ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠶ ᠪᠠ ᠠᠭᠤᠷ ᠠᠮᠢᠰᠬᠤᠯ ᠤᠨ ᠡᠬᠢ ᠪᠠᠶᠠᠯᠢᠭ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ ᠪᠠᠶᠢᠭᠤᠯᠤᠯᠲᠠ᠂ | ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠴᠠᠭ ᠠᠭᠤᠷ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ᠂ ᠴᠠᠭ ᠠᠭᠤᠷ ᠤᠨ | ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠵᠡᠷᠭᠡ 7 ᠲᠠᠯ᠎ᠠ ᠪᠠᠷ 21 | ᠵᠦᠢᠯ ᠤᠨ ᠬᠥᠭᠵᠢᠯᠲᠡ ᠶᠢᠨ ᠡᠭᠦᠷᠭᠡ ᠶᠢ ᠳᠤᠷᠠᠳᠪᠠ᠃ | ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠭᠦᠨ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ | ᠴᠢᠩᠭᠠᠳᠬᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ᠂ ᠠᠵᠢᠯ ᠤᠨ ᠦᠨᠡᠯᠡᠯᠲᠡ ᠶᠢ ᠴᠢᠩᠭᠠᠳᠬᠠᠬᠤ | ᠵᠡᠷᠭᠡ 4 ᠲᠠᠯ᠎ᠠ ᠶᠢ ᠪᠠᠭᠲᠠᠭᠠᠨ᠎ᠠ᠃ | ᠭᠤᠷᠪᠠ᠂ ᠪᠢᠴᠢᠭ ᠮᠠᠲᠧᠷᠢᠶᠠᠯ ᠳᠤ 2025 ᠣᠨ᠂ 2035 ᠣᠨ ᠪᠣᠯᠲᠠᠯᠠᠬᠢ ᠴᠠᠭ ᠠᠭᠤᠷ ᠤᠨ ᠴᠢᠨᠠᠷ | ᠰᠠᠶᠢᠲᠠᠢ ᠬᠥᠭᠵᠢᠯᠲᠡ ᠶᠢᠨ ᠬᠠᠷᠠᠯᠲᠠ ᠶᠢ ᠳᠤᠷᠠᠳᠴᠠᠢ᠂ ᠡᠨᠡᠬᠦ ᠬᠠᠷᠠᠯᠲᠠ ᠶᠢ ᠬᠡᠷᠬᠢᠨ ᠲᠣᠭᠲᠠᠭᠠᠭᠰᠠᠨ ᠪᠤᠢ︖ | ᠬᠠᠷᠠᠯᠲᠠ ᠶᠢ ᠳᠤᠷᠠᠳᠤᠭᠰᠠᠨ ᠨᠢ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤ ᠴᠠᠭ ᠠᠭᠤᠷ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠬᠠᠷᠠᠭᠤᠯᠵᠤ᠂ ᠴᠠᠭ ᠠᠭᠤᠷ ᠤᠨ ᠠᠵᠢᠯ ᠤᠨ ︽ᠠᠮᠢ ᠨᠠᠰᠤ ᠠᠮᠤᠷ ᠲᠦᠪᠰᠢᠨ᠂ | ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠪᠠᠶᠢᠬᠤ︾ ᠳᠤ ᠦᠵᠡᠭᠦᠯᠬᠦ | ᠰᠠᠭᠤᠷᠢ ᠴᠢᠨᠠᠷᠲᠠᠢ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠩ ᠡᡁᠧ ᠰᠢᠶᠠᠨ ᠤ ᠦᠵᠡᠮᠵᠢ ᠪᠠᠶᠢᠳᠠᠯ ᠢ ᠪᠦᠬᠦ ᠲᠠᠯ᠎ᠠ ᠪᠠᠷ ᠴᠣᠭᠴᠠᠯᠠᠪᠠ᠃ ᠬᠤᠶᠠᠷ ᠲᠤ | ᠰᠢᠩ ᠾᠧ ᠰᠢᠶᠠᠨ ᠤ ᠣᠳᠣᠬᠢᠴᠢᠯᠠᠭᠰᠠᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠲᠠᠢ | ᠨᠢᠭᠲᠠ ᠤᠶᠠᠯᠳᠤᠭᠤᠯᠤᠨ᠂ ᠤᠢᠢᠷ᠎ᠠ ᠶᠢᠨ ᠬᠤᠭᠤᠴᠠᠭᠠᠨ ᠤ ᠪᠠ ᠠᠯᠤᠰ ᠤᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠦᠨ᠎ᠡ ᠦᠷᠳᠡᠭ ᠢ ᠭᠦᠨ ᠠᠭᠤᠳᠠᠯᠵᠤ | ᠂ ᠴᠠᠭ ᠠᠭᠤᠷ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠶᠠᠰᠤ ᠴᠢᠨᠠᠷ ᠦᠷ᠎ᠡ ᠠᠰᠢᠭ ᠢᠶᠠᠷ | ᠥᠨᠳᠥᠷ ᠪᠢᠰᠢ᠂ ᠨᠡᠮᠡᠭᠳᠡᠯ ᠤᠨ ᠬᠥᠳᠡᠯᠭᠡᠬᠦ ᠬᠦᠴᠦᠨ ᠢᠶᠠᠷ ᠴᠢᠩᠭ᠎ᠠ ᠪᠢᠰᠢ ᠵᠡᠷᠭᠡ ᠠᠰᠠᠭᠤᠳᠠᠯ ᠢ ᠴᠢᠷᠮᠠᠶᠢᠨ | ᠰᠢᠢᠳᠪᠦᠷᠢᠯᠡᠵᠦ᠂ ᠠᠵᠤ ᠠᠬᠤᠶ ᠶᠢᠨ ᠲᠣᠭᠲᠠᠭᠤᠨ ᠢᠶᠠᠷ ᠬᠤᠯᠠ ᠠᠶᠠᠯᠠᠬᠤ᠂ ᠨᠡᠶᠢᠭᠡᠮ ᠤᠨ ᠠᠮᠤᠷ ᠲᠣᠭᠲᠠᠭᠤᠨ | ᠡᠶ᠎ᠡ ᠵᠣᠬᠢᠴᠠᠯ ᠲᠠᠢ ᠪᠠᠶᠢᠬᠤ ᠳᠤ ᠴᠠᠭ ᠠᠭᠤᠷ ᠤᠨ ᠦᠢᠯᠡᠴᠢᠯᠡᠭᠡᠨ ᠤ ᠨᠡᠩ ᠬᠦᠴᠦᠲᠡᠶ ᠪᠠᠲᠤᠯᠠᠭ᠎ᠠ ᠶᠢ ᠬᠠᠩᠭᠠᠨ᠎ᠠ᠃ | ᠭᠤᠷᠪᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ | ᠱᠠᠭᠠᠷᠳᠠᠯᠭ᠎ᠠ ᠪᠣᠯᠤᠨ ᠲᠡᠷᠢᠭᠦᠨ ᠤ ᠬᠤᠰᠢᠭᠤ ᠰᠢᠶᠠᠨ ᠤ ᠴᠠᠭ ᠠᠭᠤᠷ ᠤᠨ ᠬᠥᠭᠵᠢᠯᠲᠡ ᠶᠢᠨ ᠬᠢᠷᠢ ᠲᠦᠪᠰᠢᠨ ᠢ | ᠪᠠᠷᠢᠮᠵᠢᠶᠠᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠢᠩ ᠾᠧ ᠰᠢᠶᠠᠨ ᠤ ᠪᠤᠶᠢᠳᠠ ᠪᠥᠭᠯᠡᠭᠦᠦ ᠭᠠᠵᠠᠷ ᠣᠷᠣᠨ ᠤ ᠴᠠᠭ | ᠠᠭᠤᠷ ᠤᠨ ᠠᠵᠢᠭᠯᠠᠯᠲᠠ ᠨᠠᠷᠢᠯᠢᠭ ᠪᠤᠰᠤ᠂ ᠲᠤᠭ᠎ᠠ ᠬᠡᠮᠵᠢᠭᠳᠡᠯ ᠤᠨ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢᠨ ᠵᠠᠭᠪᠤᠷ ᠤᠨ ᠬᠡᠷᠡᠭᠯᠡᠯᠲᠡ ᠶᠢᠨ ᠲᠦᠪᠰᠢᠨ ᠥᠨᠳᠥᠷ ᠪᠤᠰᠤ᠂ ᠴᠠᠭ ᠠᠭᠤᠷ ᠤᠨ ᠦᠢᠯᠡᠴᠢᠯᠡᠭᠡᠨ ᠤ | ᠨᠠᠷᠢᠯᠢᠬᠵᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠳᠡᠭᠡᠳᠦ ᠳᠡᠰ ᠤᠨ ᠴᠢᠳᠠᠪᠤᠷᠢᠲᠠᠨ ᠪᠠ ᠥᠨᠳᠥᠷ ᠲᠦᠪᠰᠢᠨ ᠤ | ᠰᠢᠨ᠎ᠡ ᠶᠢ ᠡᠭᠦᠳᠬᠦ ᠪᠦᠯᠬᠦᠮ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ | 2025 ᠣᠨ᠂ 2035 ᠣᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠳᠤᠷᠠᠳᠤᠨ | ᠭᠠᠷᠭᠠᠪᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠲᠠᠷᠠᠭᠠᠴᠢ ᠶᠢᠨ ᠠᠯᠬᠤᠮ ᠤᠨ ᠠᠵᠢᠯ | ᠡᠯ᠎ᠡ ᠨᠢᠭᠡᠴᠡ ᠨᠦᠭᠦᠳ ᠬᠠᠮᠵᠢᠯᠴᠠᠨ ᠬᠠᠮᠵᠢᠯᠴᠠᠵᠤ᠂ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢᠨ | ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠵᠦᠢ ᠵᠣᠬᠢᠰᠲᠠᠶ ᠪᠠᠶᠢᠷᠢᠰᠢᠭᠤᠯᠵᠤ᠂ ᠬᠥᠭᠵᠢᠯᠲᠡ ᠶᠢᠨ | ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠴᠠᠭ ᠠᠭᠤᠷ ᠤᠨ ᠠᠵᠢᠭᠯᠠᠯᠲᠠ ᠶᠢᠨ ᠱᠠᠭᠠᠷᠳᠠᠯᠭ᠎ᠠ ᠶᠢ ᠲᠡᠰᠦᠷᠡᠯᠳᠠ | ᠤᠢᠭᠡᠢ ᠵᠢᠷᠤᠮᠵᠢᠭᠤᠯᠤᠨ᠎ᠠ᠃ ᠤᠯᠠᠨ ᠬᠦᠷᠢᠶ᠎ᠡ ᠶᠢ ᠠᠭᠤᠰᠤᠯᠴᠠᠭᠤᠯᠤᠨ ᠬᠥᠭᠵᠢᠭᠦᠯᠵᠦ᠂ ᠪᠦᠬᠦ ᠬᠦᠷᠢᠶᠡᠨ ᠤ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ ᠪᠠᠰᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ | ᠬᠢᠨᠠᠨ ᠬᠡᠮᠵᠢᠯᠲᠡ ᠵᠡᠷᠭᠡ ᠦᠢᠯᠡᠴᠢᠯᠡᠭᠡ ᠶᠢ ᠵᠢᠷᠤᠮᠵᠢᠭᠤᠯᠵᠤ᠂ ᠴᠠᠭ ᠠᠭᠤᠷ ᠤᠨ ᠠᠵᠢᠯ ᠤᠨ ᠠᠮᠤᠷ ᠲᠦᠪᠰᠢᠨ ᠤ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠮᠵᠢᠶᠠᠲᠤ ᠰᠢᠰᠲ᠋ᠧᠮ ᠤᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠭᠦᠨᠵᠡᠭᠡᠶᠢᠷᠡᠭᠦᠯᠬᠦ ᠬᠡᠷᠡᠭᠲᠡᠢ᠃ | ︽ᠠᠵᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠨᠢᠭᠡ ᠳᠤ ᠴᠠᠭ | ᠲᠤᠬᠠᠶ ᠳᠤᠨᠢ ᠨᠡᠪᠲᠡᠷᠡᠯᠴᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠨ᠂ ᠪᠢᠴᠢᠭ | ᠮᠠᠲ᠋ᠧᠷᠢᠶᠠᠯ ᠤᠨ ᠠᠭᠤᠯᠭ᠎ᠠ ᠶᠢ ᠡᠵᠡᠮᠰᠢᠵᠦ᠂ ᠡᠯ᠎ᠡ ᠵᠦᠢᠯ ᠤᠨ ᠠᠵᠢᠯ ᠤᠨ ᠬᠠᠷᠠᠯᠲᠠ ᠪᠠ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠬᠤᠶᠠᠷ ᠲᠤ᠂ | ᠠᠵᠢᠯ ᠤᠨ ᠳᠤᠬᠢᠷᠠᠭᠤᠯᠤᠯᠳᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠂ ᠬᠤᠯᠪᠣᠭᠳᠠᠯ ᠪᠦᠬᠦᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠢᠩᠭ᠎ᠠ ᠬᠦᠴᠦᠲᠡᠢ ᠠᠷᠭ᠎ᠠ | ᠬᠡᠮᠵᠢᠶ᠎ᠡ ᠪᠠᠷ ᠪᠦᠬᠦ ᠰᠢᠶᠠᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |