ᠠᠯᠲᠠᠨ ᠨᠠᠮᠤᠷ ᠢ ᠪᠡᠯᠭᠡᠯᠡᠵᠦ᠂ ᠡᠯᠪᠡᠭ ᠬᠤᠷᠢᠶᠠᠯᠲᠠ ᠶᠢᠨ ᠤᠯᠠᠷᠢᠯ ᠪᠣᠯᠵᠤ᠂ 9 ᠰᠠᠷ᠎ᠠ ᠶᠢᠨ 24 ᠤ ᠡᠳᠦᠷ ︽ | ᠡᠯᠪᠡᠭ ᠬᠤᠷᠢᠶᠠᠯᠲᠠ ᠶᠢ ᠪᠡᠯᠭᠡᠯᠡᠵᠦ᠂ ᠡᠩᠬᠡ ᠲᠠᠶᠢᠪᠤᠩ ᠢ ᠠᠬᠢᠭᠤᠯᠬᠤ︾ ᠵᠢᠷᠭᠤᠳᠤᠭᠠᠷ ᠤᠳᠠᠭᠠᠨ ᠤ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠮᠠᠨ ᠤ ᠰᠢᠶᠠᠨ ᠤ ᠴᠠ ᠡᠯ ᠬᠤ | ᠨᠠᠭᠤᠷ ᠤᠨ ᠬᠥᠪᠡᠭᠡᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠮᠠᠨ ᠤ ᠰᠢᠶᠠᠨ ᠤ ᠬᠥᠳᠡᠭᠡ ᠠᠵᠤ ᠠᠬᠤᠢ ᠬᠥᠳᠡᠭᠡ | ᠲᠣᠰᠬᠤᠨ ᠤ ᠠᠵᠢᠯ ᠤᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ | ᠥᠷᠭᠡᠨ ᠤᠯᠠᠨ ᠲᠠᠷᠢᠶᠠᠴᠢᠳ ᠲᠠᠢ ᠬᠠᠮᠲᠤ ᠪᠠᠷ ᠡᠯᠪᠡᠭ ᠬᠤᠷᠢᠶᠠᠯᠲᠠ ᠪᠠᠨ ᠪᠡᠯᠭᠡᠯᠡᠵᠦ᠂ ᠪᠠᠶᠠᠷ ᠪᠠᠭ᠋ᠠᠳᠤᠯ ᠢᠶᠠᠨ ᠬᠠᠮᠲᠤ ᠪᠠᠷ | ᠡᠳ᠋ᠯᠡᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠠᠵᠢᠯᠯᠠᠭ᠎ᠠ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠵᠡᠢ᠃ | | | | ᠸᠠᠩ ᠬᠤᠢ ᠢᠦᠶ ᠪᠠᠶᠠᠷ ᠤᠨ ᠦᠭᠡ ᠬᠡᠯᠡᠬᠦ ᠳᠡᠭᠡᠨ᠂ ᠡᠨᠡ ᠵᠢᠯ ᠠᠴᠠ ᠨᠠᠰᠢ᠂ ᠪᠦᠬᠦ ᠰᠢᠶᠠᠨ ᠢᠶᠠᠷ ᠢᠶᠠᠨ ᠤᠯᠤᠰ ᠤᠨ | ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠬᠤ ᠳᠤ ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠰᠢᠶᠠᠨ ᠪᠣᠯᠤᠨ ︽ᠴᠡᠪᠡᠷ ᠨᠣᠭᠤᠭ᠎ᠠ ᠶᠢ | ᠪᠡᠭᠡᠵᠢᠩ ᠳᠤ ᠣᠷᠣᠭᠤᠯᠬᠤ︾ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠷᠢᠬᠤ᠂ ᠲᠡᠵᠢᠭᠡᠬᠦ᠂ ᠨᠡᠮᠡᠬᠦ᠂ | ᠪᠣᠷᠣᠯᠠᠭᠤᠯᠬᠤ︾ ᠶᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠩ ᠡᡁᠧ | ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ᠂ ᠨᠡᠷ᠎ᠡ ᠠᠯᠳᠠᠷᠰᠢᠯ ᠪᠣᠯᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ | ᠮᠡᠳᠡᠭᠳᠡᠮ᠎ᠡ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠵᠡᠢ᠃ ᠥᠷᠭᠡᠨ ᠤᠯᠠᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯᠲᠠᠳ | ᠪᠠᠶᠠᠷ ᠤᠨ ᠡᠳᠦᠷ ᠢᠶᠠᠷ ᠵᠠᠭᠤᠴᠢ ᠪᠣᠯᠭᠠᠵᠤ᠂ ᠪᠠᠶᠠᠷ ᠤᠨ ᠡᠳᠦᠷ ᠢᠶᠠᠷ ᠴᠢᠳᠠᠪᠤᠷᠢ ᠶᠢ ᠣᠯᠭᠤᠵᠤ᠂ ᠪᠠᠶᠠᠷ ᠤᠨ ᠡᠳᠦᠷ ᠢᠶᠠᠷ | ᠠᠷᠠᠳ ᠲᠤ ᠠᠰᠢᠭ ᠬᠦᠷᠲᠡᠭᠡᠵᠦ᠂ ᠪᠦᠬᠦ ᠨᠡᠶᠢᠭᠡᠮ ᠢᠶᠠᠷ ᠢᠶᠠᠨ ᠬᠥᠳᠡᠭᠡ ᠠᠵᠤ ᠠᠬᠤᠢ ᠶᠢ ᠠᠩᠬᠠᠷᠬᠤ᠂ ᠬᠥᠳᠡᠭᠡ | ᠲᠣᠰᠬᠤᠨ ᠢ ᠬᠠᠯᠠᠮᠵᠢᠯᠠᠬᠤ᠂ ᠲᠠᠷᠢᠶᠠᠴᠢᠳ ᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ | ᠪᠣᠯᠭᠠᠬᠤ ᠶᠢ ᠬᠦᠰᠡᠵᠦ ᠪᠠᠶᠢᠨ᠎ᠠ︔ ᠡᠯ᠎ᠡ ᠠᠵᠤ ᠠᠬᠤᠶᠢᠯᠠᠯᠲᠠᠳ ᠨᠡᠶᠢᠰᠯᠡᠯ ᠤᠨ ︽ᠲᠤᠮᠤ ᠨᠣᠭᠤᠭ᠎ᠠ ᠶᠢᠨ ᠬᠦᠷᠢᠶᠡᠯᠡᠩ︾᠂ | ︽ᠠᠷᠤ ᠶᠢᠨ ᠴᠡᠴᠡᠷᠯᠢᠭ︾ ᠢ ᠪᠠᠶᠢᠭᠤᠯᠬᠤ ᠳᠤ ᠦᠢᠯᠡᠴᠢᠯᠡᠬᠦ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠠᠷᠢᠶᠠᠯᠠᠩ | ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ︔ ᠥᠷᠭᠡᠨ ᠤᠯᠠᠨ ᠲᠠᠷᠢᠶᠠᠴᠢᠨ | ᠨᠥᠬᠦᠳ ᠬᠥᠳᠡᠭᠡ ᠲᠣᠰᠬᠤᠨ ᠤ ᠡᠨᠡᠬᠦ ᠥᠷᠭᠡᠨ ᠠᠭᠤᠳᠠᠮ ᠣᠷᠣᠨ ᠵᠠᠶ ᠳᠤ ᠰᠠᠶᠢᠨ ᠭᠤᠣᠯ ᠲᠣᠭᠯᠠᠭᠴᠢ ᠪᠤᠯᠵᠤ᠂ | ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠵᠣᠯ ᠵᠢᠷᠭᠠᠯᠲᠤ ᠢᠷᠡᠭᠡᠳᠦᠶ ᠪᠠᠨ ᠴᠣᠭᠴᠠᠯᠠᠨ ᠪᠠᠶᠢᠭᠤᠯᠬᠤ ᠶᠢ | ᠬᠦᠰᠡᠵᠦ ᠪᠠᠶᠢᠨ᠎ᠠ᠃ | | | | | ᠠᠵᠢᠯᠯᠠᠭ᠎ᠠ ᠶᠢᠨ ᠬᠤᠭᠤᠴᠠᠭᠠᠨ ᠳᠤ᠂ ᠰᠢᠶᠠᠨ ᠤ ᠤᠳᠤᠷᠢᠳᠤᠯᠭ᠎ᠠ ︽ᠤᠯᠤᠰ ᠤᠨ ᠲᠠᠰ ᠤᠨ ᠠᠮᠢ ᠠᠬᠤᠶ ᠶᠢᠨ | ᠲᠠᠷᠢᠶᠠᠯᠠᠩ ᠤᠨ ᠲᠠᠯᠠᠪᠠᠶ︾ ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ | ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ︾ ︽2023 ᠣᠨ ᠤ ᠪᠥᠬᠦ ᠤᠯᠤᠰ ᠤᠨ ᠨᠠᠷᠠᠲᠤ ᠣᠨᠴᠠ ᠢᠤ ᠰᠢᠩ | ᠲᠠᠷᠢᠶᠠᠯᠠᠩ ᠤᠨ ᠪᠦᠲᠦᠭᠡᠭᠳᠡᠬᠦᠨ︾ ︽ᠪᠥᠬᠦ ᠤᠯᠤᠰ ᠤᠨ ᠨᠠᠷᠠᠲᠤ ᠣᠨᠴᠠ ᠢᠤ ᠰᠢᠩ ᠲᠠᠷᠢᠶᠠᠯᠠᠩ ᠤᠨ ᠪᠦᠲᠦᠭᠡᠭᠳᠡᠬᠦᠨ︾ | ᠭᠡᠬᠦ ᠫᠠᠶᠢᠰᠠ ᠣᠯᠤᠭᠰᠠᠨ ᠠᠵᠤ ᠠᠬᠤᠶᠢᠯᠠᠯ᠂ ᠨᠢᠭᠡᠴᠡ ᠪᠠ ᠰᠢᠶᠠᠩ ᠪᠠᠯᠭᠠᠰᠤ ᠳᠤ ᠢᠷᠠᠭᠤ ᠠᠯᠳᠠᠷ ᠤᠨ ᠦᠨᠡᠮᠯᠡᠯ | ᠣᠯᠭᠤᠵᠤ᠂ ᠲᠠᠷᠢᠶᠠᠴᠢᠳ ᠤᠨ ᠲᠥᠯᠥᠭᠡᠯᠡᠭᠴᠢ ᠪᠠ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠤ᠂ | ᠤᠯᠠᠭᠠᠨᠮᠥ᠋ᠴᠢᠷ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠠᠶ᠃ | | | | ᠡᠯᠪᠡᠭ ᠬᠤᠷᠢᠶᠠᠯᠲᠠ ᠶᠢᠨ ᠪᠠᠶᠠᠷ ᠡᠬᠢᠯᠡᠭᠰᠡᠨ ᠤ ᠳᠠᠷᠠᠭ᠎ᠠ ᠰᠢᠶᠠᠨ ᠤ ᠤᠳᠤᠷᠢᠳᠤᠯᠭ᠎ᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ ᠬᠦᠷᠴᠦ ᠲᠣᠭᠤᠷᠢᠨ ᠦᠵᠡᠭᠦᠯᠬᠦ᠂ ᠵᠢᠭᠠᠰᠤ ᠠᠩᠨᠠᠬᠤ | ᠶᠣᠰᠣᠯᠠᠯ ᠦᠵᠡᠬᠦ ᠪᠠ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠰᠣᠨᠢᠷᠬᠠᠨ ᠵᠠᠳᠠᠯᠬᠤ ᠪᠠᠷ ᠶᠠᠪᠤᠵᠠᠶ᠃ | | | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 9 ᠰᠠᠷ᠎ᠠ ᠶᠢᠨ 23 ᠤ ᠡᠳᠦᠷ ᠠᠴᠠ 25 ᠤ ᠡᠳᠦᠷ | ᠪᠣᠯᠲᠠᠯ᠎ᠠ ᠭᠤᠷᠪᠠᠨ ᠡᠳᠦᠷ ᠶᠠᠪᠤᠭᠳᠠᠨ᠎ᠠ᠃ ᠪᠥᠬᠦ ᠰᠢᠶᠠᠨ ᠤ ᠶᠢᠰᠦᠨ ᠰᠢᠶᠠᠩ ᠪᠠᠯᠭᠠᠰᠤᠨ ᠤ ᠰᠠᠭᠤᠭ᠎ᠠ ᠠᠵᠤ | ᠠᠬᠤᠶᠢᠯᠠᠯ ᠤᠳ ᠲᠣᠰ ᠲᠣᠰ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠵᠡᠭᠦᠯᠦᠯᠭᠡ ᠶᠢᠨ ᠲᠠᠪᠴᠠᠩ ᠭᠠᠷᠭᠠᠵᠤ᠂ ᠢᠳᠡᠭᠡᠨ ᠤᠮᠳᠠᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ ᠣᠷᠣᠨ | ᠨᠤᠲᠤᠭ ᠤᠨ ᠣᠨᠴᠠᠯᠢᠭ ᠲᠠᠢ ᠠᠷᠪᠠᠨ ᠠᠮᠲᠠᠲᠤ ᠢᠳᠡᠭᠡᠨ ᠤ ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ ᠦᠢᠯᠡᠳᠴᠦ᠂ | ᠥᠪᠡᠷᠮᠢᠴᠡ ᠤᠨᠴᠠᠯᠢᠬᠳᠤ ᠠᠮᠲᠠᠲᠤ ᠢᠳᠡᠭᠡᠨ ᠢᠶᠠᠨ ᠳᠡᠯᠭᠡᠨ ᠦᠵᠡᠭᠦᠯᠵᠡᠶ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |