ᠮᠠᠨ ᠤ ᠰᠢᠶᠠᠨ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠩᠬᠡ ᠲᠠᠶᠢᠪᠤᠩ ᠢ ᠠᠬᠢᠭᠤᠯᠬᠤ︾ ᠵᠢᠷᠭᠤᠳᠤᠭᠠᠷ ᠤᠳᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/27
      ᠠᠯᠲᠠᠨ ᠨᠠᠮᠤᠷ ᠢ ᠪᠡᠯᠭᠡᠯᠡᠵᠦ᠂ ᠡᠯᠪᠡᠭ ᠬᠤᠷᠢᠶᠠᠯᠲᠠ ᠶᠢᠨ ᠤᠯᠠᠷᠢᠯ ᠪᠣᠯᠵᠤ᠂ 9 ᠰᠠᠷ᠎ᠠ ᠶᠢᠨ 24 ᠤ ᠡᠳᠦᠷ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠩᠬᠡ ᠲᠠᠶᠢᠪᠤᠩ ᠢ ᠠᠬᠢᠭᠤᠯᠬᠤ︾ ᠵᠢᠷᠭᠤᠳᠤᠭᠠᠷ ᠤᠳᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠮᠠᠨ ᠤ ᠰᠢᠶᠠᠨ ᠤ ᠴᠠ ᠡᠯ ᠬᠤ ᠨᠠᠭᠤᠷ ᠤᠨ ᠬᠥᠪᠡᠭᠡᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠮᠠᠨ ᠤ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠥᠷᠭᠡᠨ ᠤᠯᠠᠨ ᠲᠠᠷᠢᠶᠠᠴᠢᠳ ᠲᠠᠢ ᠬᠠᠮᠲᠤ ᠪᠠᠷ ᠡᠯᠪᠡᠭ ᠬᠤᠷᠢᠶᠠᠯᠲᠠ ᠪᠠᠨ ᠪᠡᠯᠭᠡᠯᠡᠵᠦ᠂ ᠪᠠᠶᠠᠷ ᠪᠠᠭ᠋ᠠᠳᠤᠯ ᠢᠶᠠᠨ ᠬᠠᠮᠲᠤ ᠪᠠᠷ ᠡᠳ᠋ᠯᠡᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃
     ᠸᠠᠩ ᠬᠤᠢ ᠢᠦᠶ ᠪᠠᠶᠠᠷ ᠤᠨ ᠦᠭᠡ ᠬᠡᠯᠡᠬᠦ ᠳᠡᠭᠡᠨ᠂ ᠡᠨᠡ ᠵᠢᠯ ᠠᠴᠠ ᠨᠠᠰᠢ᠂ ᠪᠦᠬᠦ ᠰᠢᠶᠠᠨ ᠢᠶᠠᠷ ᠢᠶᠠᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠲᠦᠬᠦᠭᠡᠷᠦᠮᠵᠢᠲᠦ ᠲᠠᠷᠢᠶᠠᠯᠠᠩ ᠤᠨ  ᠵᠢᠱᠢᠶ᠎ᠡ ᠦᠵᠡᠭᠦᠯᠬᠦ ᠰᠢᠶᠠᠨ ᠪᠣᠯᠤᠨ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠷᠢᠬᠤ᠂ ᠲᠡᠵᠢᠭᠡᠬᠦ᠂ ᠨᠡᠮᠡᠬᠦ᠂ ᠪᠣᠷᠣᠯᠠᠭᠤᠯᠬᠤ︾ ᠶᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠩ ᠡᡁᠧ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ᠂ ᠨᠡᠷ᠎ᠡ ᠠᠯᠳᠠᠷᠰᠢᠯ ᠪᠣᠯᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠮᠡᠳᠡᠭᠳᠡᠮ᠎ᠡ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠥᠷᠭᠡᠨ ᠤᠯᠠᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯᠲᠠᠳ ᠪᠠᠶᠠᠷ ᠤᠨ ᠡᠳᠦᠷ ᠢᠶᠠᠷ ᠵᠠᠭᠤᠴᠢ ᠪᠣᠯᠭᠠᠵᠤ᠂ ᠪᠠᠶᠠᠷ ᠤᠨ ᠡᠳᠦᠷ ᠢᠶᠠᠷ ᠴᠢᠳᠠᠪᠤᠷᠢ ᠶᠢ ᠣᠯᠭᠤᠵᠤ᠂ ᠪᠠᠶᠠᠷ ᠤᠨ ᠡᠳᠦᠷ ᠢᠶᠠᠷ ᠠᠷᠠᠳ ᠲᠤ ᠠᠰᠢᠭ ᠬᠦᠷᠲᠡᠭᠡᠵᠦ᠂ ᠪᠦᠬᠦ ᠨᠡᠶᠢᠭᠡᠮ ᠢᠶᠠᠷ ᠢᠶᠠᠨ ᠬᠥᠳᠡᠭᠡ ᠠᠵᠤ ᠠᠬᠤᠢ ᠶᠢ ᠠᠩᠬᠠᠷᠬᠤ᠂ ᠬᠥᠳᠡᠭᠡ ᠲᠣᠰᠬᠤᠨ ᠢ ᠬᠠᠯᠠᠮᠵᠢᠯᠠᠬᠤ᠂ ᠲᠠᠷᠢᠶᠠᠴᠢᠳ ᠢ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠬᠤ ᠶᠢ ᠬᠦᠰᠡᠵᠦ ᠪᠠᠶᠢᠨ᠎ᠠ︔ ᠡᠯ᠎ᠡ ᠠᠵᠤ ᠠᠬᠤᠶᠢᠯᠠᠯᠲᠠᠳ ᠨᠡᠶᠢᠰᠯᠡᠯ ᠤᠨ ︽ᠲᠤᠮᠤ ᠨᠣᠭᠤᠭ᠎ᠠ ᠶᠢᠨ ᠬᠦᠷᠢᠶᠡᠯᠡᠩ︾᠂ ︽ᠠᠷᠤ ᠶᠢᠨ ᠴᠡᠴᠡᠷᠯᠢᠭ︾ ᠢ ᠪᠠᠶᠢᠭᠤᠯᠬᠤ ᠳᠤ ᠦᠢᠯᠡᠴᠢᠯᠡᠬᠦ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ︔ ᠥᠷᠭᠡᠨ ᠤᠯᠠᠨ ᠲᠠᠷᠢᠶᠠᠴᠢᠨ ᠨᠥᠬᠦᠳ ᠬᠥᠳᠡᠭᠡ ᠲᠣᠰᠬᠤᠨ ᠤ ᠡᠨᠡᠬᠦ ᠥᠷᠭᠡᠨ ᠠᠭᠤᠳᠠᠮ ᠣᠷᠣᠨ ᠵᠠᠶ ᠳᠤ ᠰᠠᠶᠢᠨ ᠭᠤᠣᠯ ᠲᠣᠭᠯᠠᠭᠴᠢ ᠪᠤᠯᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠵᠣᠯ ᠵᠢᠷᠭᠠᠯᠲᠤ ᠢᠷᠡᠭᠡᠳᠦᠶ ᠪᠠᠨ ᠴᠣᠭᠴᠠᠯᠠᠨ ᠪᠠᠶᠢᠭᠤᠯᠬᠤ ᠶᠢ ᠬᠦᠰᠡᠵᠦ ᠪᠠᠶᠢᠨ᠎ᠠ᠃
     ᠠᠵᠢᠯᠯᠠᠭ᠎ᠠ ᠶᠢᠨ ᠬᠤᠭᠤᠴᠠᠭᠠᠨ ᠳᠤ᠂ ᠰᠢᠶᠠᠨ ᠤ ᠤᠳᠤᠷᠢᠳᠤᠯᠭ᠎ᠠ ︽ᠤᠯᠤᠰ ᠤᠨ ᠲᠠᠰ ᠤᠨ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ︾ ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ︾ ︽2023 ᠣᠨ ᠤ ᠪᠥᠬᠦ ᠤᠯᠤᠰ ᠤᠨ ᠨᠠᠷᠠᠲᠤ ᠣᠨᠴᠠ ᠢᠤ ᠰᠢᠩ ᠲᠠᠷᠢᠶᠠᠯᠠᠩ ᠤᠨ ᠪᠦᠲᠦᠭᠡᠭᠳᠡᠬᠦᠨ︾ ︽ᠪᠥᠬᠦ ᠤᠯᠤᠰ ᠤᠨ ᠨᠠᠷᠠᠲᠤ ᠣᠨᠴᠠ ᠢᠤ ᠰᠢᠩ ᠲᠠᠷᠢᠶᠠᠯᠠᠩ ᠤᠨ ᠪᠦᠲᠦᠭᠡᠭᠳᠡᠬᠦᠨ︾ ᠭᠡᠬᠦ ᠫᠠᠶᠢᠰᠠ ᠣᠯᠤᠭᠰᠠᠨ ᠠᠵᠤ ᠠᠬᠤᠶᠢᠯᠠᠯ᠂ ᠨᠢᠭᠡᠴᠡ ᠪᠠ ᠰᠢᠶᠠᠩ ᠪᠠᠯᠭᠠᠰᠤ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠠᠷᠢᠶᠠᠴᠢᠳ ᠤᠨ ᠲᠥᠯᠥᠭᠡᠯᠡᠭᠴᠢ ᠪᠠ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠤ᠂ ᠤᠯᠠᠭᠠᠨᠮᠥ᠋ᠴᠢᠷ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠠᠶ᠃
     ᠡᠯᠪᠡᠭ ᠬᠤᠷᠢᠶᠠᠯᠲᠠ ᠶᠢᠨ ᠪᠠᠶᠠᠷ ᠡᠬᠢᠯᠡᠭᠰᠡᠨ ᠤ ᠳᠠᠷᠠᠭ᠎ᠠ ᠰᠢᠶᠠᠨ ᠤ ᠤᠳᠤᠷᠢᠳᠤᠯᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ ᠬᠦᠷᠴᠦ ᠲᠣᠭᠤᠷᠢᠨ ᠦᠵᠡᠭᠦᠯᠬᠦ᠂ ᠵᠢᠭᠠᠰᠤ ᠠᠩᠨᠠᠬᠤ ᠶᠣᠰᠣᠯᠠᠯ ᠦᠵᠡᠬᠦ ᠪᠠ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠰᠣᠨᠢᠷᠬᠠᠨ ᠵᠠᠳᠠᠯᠬᠤ ᠪᠠᠷ ᠶᠠᠪᠤᠵᠠᠶ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 9 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ ᠭᠤᠷᠪᠠᠨ ᠡᠳᠦᠷ ᠶᠠᠪᠤᠭᠳᠠᠨ᠎ᠠ᠃ ᠪᠥᠬᠦ ᠰᠢᠶᠠᠨ ᠤ ᠶᠢᠰᠦᠨ ᠰᠢᠶᠠᠩ ᠪᠠᠯᠭᠠᠰᠤᠨ ᠤ ᠰᠠᠭᠤᠭ᠎ᠠ ᠠᠵᠤ ᠠᠬᠤᠶᠢᠯᠠᠯ ᠤᠳ ᠲᠣᠰ ᠲᠣᠰ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠠᠪᠴᠠᠩ ᠭᠠᠷᠭᠠᠵᠤ᠂ ᠢᠳᠡᠭᠡᠨ ᠤᠮᠳᠠᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ ᠣᠷᠣᠨ ᠨᠤᠲᠤᠭ ᠤᠨ ᠣᠨᠴᠠᠯᠢᠭ ᠲᠠᠢ ᠠᠷᠪᠠᠨ ᠠᠮᠲᠠᠲᠤ ᠢᠳᠡᠭᠡᠨ ᠤ ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ ᠦᠢᠯᠡᠳᠴᠦ᠂ ᠥᠪᠡᠷᠮᠢᠴᠡ ᠤᠨᠴᠠᠯᠢᠬᠳᠤ ᠠᠮᠲᠠᠲᠤ ᠢᠳᠡᠭᠡᠨ ᠢᠶᠠᠨ ᠳᠡᠯᠭᠡᠨ ᠦᠵᠡᠭᠦᠯᠵᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3