︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠭᠠᠷᠭᠠᠭᠰᠠᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ | ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶ ᠢ ᠦᠨᠳᠦᠰᠦᠯᠡᠪᠡᠯ᠂ ᠵᠢᠴᠢ ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ | ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠣᠩᠭᠤᠨ | ᠳᠣᠭᠢᠷᠠᠭᠤᠯᠬᠤ ᠲᠥᠷᠥᠯ ᠵᠦᠢᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ | ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠴᠤᠭᠯᠠᠭᠤᠯᠬᠤ ᠪᠠ ᠬᠤᠷᠢᠶᠠᠨ᠎ᠠ᠃ | ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ | ᠲᠣᠰ ᠤᠳᠠᠭ᠎ᠠ ᠶᠢᠨ ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ | ᠬᠢᠵᠠᠭᠠᠷᠲᠤ ᠺᠣᠮᠫᠠᠨᠢ ᠶᠢᠨ ᠰᠣᠩᠭᠤᠨ ᠲᠣᠬᠢᠷᠠᠭᠤᠯᠬᠤ ᠨᠡᠭᠦᠷᠡᠰᠦᠨ ᠤ ᠲᠥᠷᠥᠯ ᠵᠦᠢᠯ ᠨᠢ ᠤᠯᠠᠭᠠᠨᠴᠠᠪ ᠬᠤᠲᠠ ᠶᠢᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ | ᠲᠥᠷᠥᠯ ᠵᠦᠢᠯ ᠤᠨ ᠪᠠᠶᠢᠭ᠎ᠠ ᠭᠠᠵᠠᠷ ᠤᠨ ᠪᠠᠶᠢᠴᠠ ᠨᠢ ᠥᠷᠭᠡᠨ ᠠᠭᠤᠳᠠᠮ᠂ ᠲᠡᠭᠰᠢ ᠲᠡᠭᠰᠢ ᠪᠠᠶᠢᠵᠤ᠂ ᠲᠥᠷᠥᠯ | ᠵᠦᠢᠯ ᠤᠨ ᠶᠡᠷᠦᠩᠬᠡᠶ ᠲᠠᠯᠠᠪᠠᠶ ᠨᠢ 70 ᠮᠥ ᠪᠣᠯᠤᠨ᠎ᠠ᠃ ᠲᠤᠰ ᠲᠦᠷᠦᠯ ᠵᠦᠢᠯ ᠤᠨ ᠢᠨᠵᠧᠨᠧᠷᠢᠩ ᠲᠤ | ᠭᠤᠣᠯᠳᠠᠭᠤ ᠨᠡᠭᠦᠷᠡᠰᠦᠨ ᠤ ᠫᠤᠩ ︵ᠨᠡᠭᠦᠷᠡᠰᠦ ᠠᠴᠢᠶᠠᠯᠠᠵᠤ ᠪᠠᠭᠤᠯᠭᠠᠬᠤ᠂ ᠲᠦᠭᠦᠬᠡᠶ ᠨᠡᠭᠦᠷᠡᠰᠦ ᠶᠢ ᠰᠢᠭᠰᠢᠨ | ᠰᠠᠯᠭᠠᠵᠤ ᠬᠡᠮᠬᠡᠷᠡᠮᠡᠯ ᠦᠢᠯᠡᠳᠪᠦᠷᠢᠯᠡᠯ ᠤᠨ ᠱᠤᠭᠤᠮ ᠬᠢᠭᠡᠳ ᠨᠡᠭᠦᠷᠡᠰᠦ ᠬᠠᠳᠠᠭᠠᠯᠠᠬᠤ ᠲᠠᠯᠠᠪᠠᠢ ᠭᠡᠵᠦ ᠬᠤᠪᠢᠶᠠᠨ᠎ᠠ︶ | ᠤᠨ ᠲᠦᠷᠦᠯ ᠵᠦᠢᠯ ᠤᠨ ᠢᠵᠢ ᠪᠦᠷᠢᠳᠦᠭᠦᠯᠬᠦ ᠬᠥᠮᠥᠷᠭᠡ᠂ ᠮᠠᠰᠢᠨ ᠰᠡᠯᠪᠢᠨ ᠵᠠᠰᠠᠬᠤ ᠦᠢᠯᠡᠳᠪᠦᠷᠢ ᠶᠢᠨ | ᠲᠡᠰᠤᠬ᠂ ᠭᠠᠵᠠᠷ ᠤᠨ ᠵᠢᠩᠯᠡᠭᠦᠷ᠂ ᠭᠠᠯ ᠤᠨᠲᠠᠷᠠᠭᠠᠬᠤ ᠤᠰᠤᠨ ᠲᠠᠲᠠᠭᠠᠯ᠂ ᠠᠯᠪᠠᠯᠠᠬᠤ ᠲᠣᠭᠤᠷᠢᠭ᠂ ᠰᠠᠯᠬᠢ | ᠬᠠᠯᠬᠠᠯᠠᠨ ᠲᠣᠭᠤᠰᠣ ᠳᠠᠷᠤᠬᠤ ᠲᠣᠣᠷ᠂ ᠲᠠᠯᠠᠪᠠᠢ ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ ᠤᠯᠠᠨ | ᠨᠡᠶᠢᠲᠡ ᠶᠢᠨ ᠲᠤᠰᠠᠯᠠᠬᠤ ᠢᠨᠵᠧᠨᠧᠷᠢᠩ ᠪᠠᠭᠲᠠᠵᠤ᠂ ᠵᠢᠯ ᠳᠤ 60 ᠲᠦᠮᠡᠨ ᠲᠣᠨ ᠨᠡᠭᠦᠷᠡᠰᠦ ᠰᠣᠩᠭᠤᠨ | ᠲᠣᠬᠢᠷᠠᠭᠤᠯᠤᠨ᠎ᠠ᠃ 20 ᠲᠤᠭᠠᠷ ᠨᠢᠭᠤᠷ ᠤᠨ ᠪᠠᠷᠢᠯᠭ᠎ᠠ ᠶᠢᠨ ᠲᠥᠷᠥᠯ ᠵᠦᠢᠯ ᠤᠨ ᠢᠵᠢ ᠪᠦᠷᠢᠳᠦᠭᠦᠯᠬᠦ | ᠬᠥᠮᠥᠷᠭᠡ᠂ ᠮᠠᠰᠢᠨ ᠰᠡᠯᠪᠢᠨ ᠵᠠᠰᠠᠬᠤ ᠦᠢᠯᠡᠳᠪᠦᠷᠢ ᠶᠢᠨ ᠲᠡᠰᠤᠬ᠂ ᠭᠠᠵᠠᠷ ᠤᠨ ᠵᠢᠩᠯᠡᠭᠦᠷ᠂ ᠭᠠᠯ ᠤᠨᠲᠠᠷᠠᠭᠠᠬᠤ | ᠤᠰᠤᠨ ᠲᠠᠲᠠᠭᠠᠯ᠂ ᠠᠯᠪᠠᠯᠠᠬᠤ ᠲᠣᠭᠤᠷᠢᠭ᠂ ᠰᠠᠯᠬᠢ ᠬᠠᠯᠬᠠᠯᠠᠨ ᠲᠣᠭᠤᠰᠣ ᠳᠠᠷᠤᠬᠤ ᠲᠣᠣᠷ᠂ ᠲᠠᠯᠠᠪᠠᠢ | ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ ᠤᠯᠠᠨ ᠨᠡᠶᠢᠲᠡ ᠶᠢᠨ ᠲᠤᠰᠠᠯᠠᠬᠤ ᠢᠨᠵᠧᠨᠧᠷᠢᠩ ᠢ ᠪᠠᠭᠲᠠᠭᠠᠵᠤ᠂ | ᠵᠢᠯ ᠳᠤ 60 ᠲᠦᠮᠡᠨ ᠲᠣᠨ ᠨᠡᠭᠦᠷᠡᠰᠦ ᠰᠣᠩᠭᠤᠨ ᠲᠣᠬᠢᠷᠠᠭᠤᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ | ᠪᠠᠯᠠ ᠣᠷᠣᠭᠤᠯᠤᠯᠲᠠ 2485.5 ᠲᠦᠮᠡᠨ ᠲᠥᠭᠦᠷᠢᠭ᠂ ᠡᠭᠦᠨ ᠳᠤ ᠲᠣᠭᠲᠠᠮᠠᠯ ᠬᠥᠷᠥᠩᠭᠡ ᠶᠢᠨ ᠶᠡᠷᠦᠩᠬᠡᠶ ᠪᠠᠯᠠ | ᠣᠷᠣᠭᠤᠯᠤᠯᠲᠠ 1985.5 ᠲᠦᠮᠡᠨ ᠲᠥᠭᠦᠷᠢᠭ ᠪᠣᠯᠤᠨ᠎ᠠ᠃ ᠰᠠᠭᠤᠷᠢ ᠭᠦᠢᠯᠭᠡᠭᠡᠨ ᠤ ᠪᠡᠯᠡ ᠮᠥᠩᠭᠦ 500 | ᠲᠦᠮᠡᠨ ᠲᠥᠭᠦᠷᠢᠭ᠃ ᠪᠡᠯᠡ ᠮᠥᠩᠭᠦᠨ ᠤ ᠢᠷᠡᠯᠲᠡ ᠶᠢ ᠪᠥᠬᠦᠳᠡ ᠶᠢ ᠺᠣᠮᠫᠠᠨᠢ ᠥᠪᠡᠷ ᠢᠶᠠᠨ ᠴᠤᠭᠯᠠᠭᠤᠯᠤᠨ᠎ᠠ᠃ | ᠲᠣᠰ ᠲᠥᠷᠥᠯ ᠵᠦᠢᠯ ᠤᠨ ᠭᠤᠤᠯ ᠪᠥᠲᠥᠭᠡᠨ ᠪᠠᠶᠢᠭᠤᠯᠤᠯᠲᠠ ᠶᠢᠨ ᠴᠢᠭᠯᠡᠯ ᠪᠣᠯ᠂ ᠲᠡᠷᠢᠭᠦᠨ ᠤ ᠮᠡᠷᠭᠡᠵᠢᠯ | ᠪᠠ ᠬᠠᠮᠢᠶᠠᠷᠤᠯᠲᠠ ᠳᠤ ᠲᠦᠰᠢᠭᠯᠡᠨ᠂ ᠨᠡᠭᠦᠷᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ 60 ᠲᠦᠮᠡᠨ ᠲᠣᠨ \ a ᠪᠥᠬᠦᠶ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠢ | ᠪᠥᠲᠥᠭᠡᠨ ᠪᠠᠶᠢᠭᠤᠯᠵᠤ᠂ ᠤᠯᠠᠭᠠᠨᠴᠠᠪ ᠬᠤᠲᠠ ᠵᠢᠴᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠪ | ᠪᠣᠯᠭᠠᠨ ᠠᠯᠬᠤᠮ ᠠᠯᠬᠤᠮ ᠢᠶᠠᠷ ᠬᠥᠭᠵᠢᠭᠦᠯᠦᠨ᠎ᠡ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ | ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ | 1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔ | 2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ | ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ︔ | ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ | ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ | ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃ | ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ | ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ | ᠠᠷᠠᠯᠵᠢᠶᠠᠨ ᠤ ᠬᠢᠵᠠᠭᠠᠷᠲᠤ ᠺᠣᠮᠫᠠᠨᠢ | ᠬᠠᠷᠢᠯᠴᠠᠬᠤ ᠬᠥᠮᠦᠨ᠄ ᠭᠤᠤ ᠵᠢᠶᠠᠨ ᠫᠢᠩ | ᠬᠠᠷᠢᠯᠴᠠᠬᠤ ᠤᠲᠠᠰᠤ᠄ 18647462175 | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠰᠢᠩ ᠾᠧ ᠰᠢᠶᠠᠨ ᠤ ᠮᠢᠶᠣᠣ ᠯᠢᠶᠠᠩ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠾᠧᠩ ᠰᠢᠩ ᠳ᠋ᠡ ︵18 ᠳ᠋ᠤᠭᠠᠷ︶ ᠬᠦᠷᠢᠶᠡᠨ ᠳᠤ | ᠦᠨᠡᠯᠡᠬᠦ ᠨᠢᠭᠡᠴᠡ᠄ ᠪᠠᠷᠠᠭᠤᠨ ᠬᠤᠶᠢᠲᠤ ᠣᠷᠣᠨ ᠤ ᠶᠡᠷᠦᠩᠬᠡᠶᠢᠯᠡᠭᠰᠡᠨ ᠬᠠᠶᠢᠨ ᠪᠠᠶᠢᠴᠠᠭᠠᠵᠤ ᠵᠢᠷᠤᠵᠤ | ᠲᠥᠯᠥᠪᠯᠡᠬᠦ ᠰᠤᠳᠤᠯᠭᠠᠨ ᠤ ᠬᠦᠷᠢᠶᠡᠯᠡᠩ | ᠬᠠᠷᠢᠯᠴᠠᠬᠤ ᠬᠥᠮᠦᠨ᠄ ᠵᠢᠶᠠ ᠰᠥᠩ ᠬᠤᠤ | ᠬᠠᠷᠢᠯᠴᠠᠬᠤ ᠤᠲᠠᠰᠤ᠄ 15847775970 | ᠪᠠᠶᠢᠭᠤᠯᠭ᠎ᠠ ᠶᠢᠨ ᠬᠠᠶ᠋ᠢᠭ᠄ ᠱᠠᠨᠰᠢ ᠮᠤᠵᠢ ᠶᠢᠨ ᠰᠢ ᠠᠨ ᠬᠤᠲᠠ ᠶᠢᠨ ᠯᠢᠶᠠᠨ ᠬᠤ᠋ ᠲᠣᠭᠤᠷᠢᠭ ᠤᠨ ᠰᠢ ᠡᠤ | ᠶᠤᠸᠠᠨ 9 ᠳ᠋ᠦᠭᠡᠷ ᠨᠣᠮᠧᠷ | ᠵᠠᠷᠯᠠᠨ ᠨᠡᠶᠢᠲᠡᠯᠡᠭᠰᠡᠨ ᠴᠠᠭ᠄ 2023 ᠣᠨ ᠤ 9 ᠰᠠᠷ᠎ᠠ ᠶᠢᠨ 28 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |