ᠤᠯᠠᠭᠠᠨᠴᠠᠪ ᠬᠤᠲᠠ ᠶᠢᠨ ᠬᠤᠸᠠᠨ ᠭᠤᠸᠠᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ 60 ᠲᠦᠮᠡᠨ ᠲᠣᠨ / ᠵᠢᠯ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ
ᠨᠡᠶᠢᠲᠡᠯᠡᠭᠰᠡᠨ ᠴᠠᠭ᠄
2023/9/28
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠷᠭᠠᠭᠰᠠᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶᠎ ᠢ ᠦᠨᠳᠦᠰᠦᠯᠡᠪᠡᠯ᠂ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠤᠯᠠᠭᠠᠨᠴᠠᠪ ᠬᠤᠲᠠ ᠶᠢᠨ ᠬᠤᠸᠠᠨ ᠭᠤᠸᠠᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ 60 ᠲᠦᠮᠡᠨ ᠲᠣᠨ / ᠵᠢᠯ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠬᠤ ᠪᠠ ᠬᠤᠷᠢᠶᠠᠨ᠎ᠠ᠃      ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ      ᠲᠣᠰ ᠤᠳᠠᠭᠠᠨ ᠤ ᠤᠯᠠᠭᠠᠨᠴᠠᠪ ᠬᠤᠲᠠ ᠶᠢᠨ ᠬᠤᠸᠠᠨ ᠭᠤᠸᠠᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ 60 ᠲᠦᠮᠡᠨ ᠲᠣᠨ / ᠵᠢᠯ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠾᠧᠩ ᠰᠢᠩ ᠳ᠋ᠡ 34 ᠳ᠋ᠦᠭᠡᠷ ᠨᠣᠮᠧᠷᠲᠤ ᠨᠡᠭᠦᠷᠡᠰᠦᠨ ᠲᠠᠯᠠᠪᠠᠶ ᠳᠤ ᠪᠣᠶ ᠃ ᠲᠥᠷᠥᠯ ᠵᠦᠢᠯ ᠤᠨ ᠢᠨᠵᠧᠨᠧᠷᠢᠩ ᠳᠤ ᠭᠤᠤᠯᠳᠠᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠭᠦᠷᠡᠰᠦ ᠬᠠᠳᠠᠭᠠᠯᠠᠬᠤ ᠰᠠᠷᠠᠪᠴᠢ ︵1 ᠲᠦᠮᠡᠨ ᠲᠡᠭᠰᠢ ᠳᠥᠷᠪᠡᠯᠵᠢᠨ ᠮᠧᠲᠷ︶ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ︵ᠬᠥᠮᠥᠷᠭᠡ ᠶᠢᠨ ᠮᠠᠰᠢᠨ ᠰᠡᠯᠪᠢᠨ ᠵᠠᠰᠠᠬᠤ  ᠦᠢᠯᠡᠳᠪᠦᠷᠢ ᠶᠢᠨ ᠲᠠᠰᠤᠭ᠂ ᠭᠠᠵᠠᠷ ᠤᠨ ᠫᠦᠨᠲ᠂ ᠭᠠᠯ ᠤᠨᠲᠠᠷᠠᠭᠠᠬᠤ ᠤᠰᠤᠨ ᠲᠠᠲᠠᠭᠠᠯ᠂ ᠠᠵᠢᠯᠯᠠᠬᠤ ᠲᠣᠭᠤᠷᠢᠭ᠂ ᠰᠠᠯᠬᠢ ᠬᠠᠯᠬᠠᠯᠠᠬᠤ ᠲᠣᠭᠤᠰᠣ ᠳᠠᠷᠤᠬᠤ ᠲᠣᠤᠷ᠂ ᠲᠠᠯᠠᠪᠠᠶ ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ︶᠎ ᠶᠢ ᠪᠥᠲᠥᠭᠡᠨ ᠪᠠᠶᠢᠭᠤᠯᠤᠨ᠎ᠠ᠃ ᠲᠦᠷᠦᠯ ᠵᠦᠢᠯ ᠤᠨ ᠪᠠᠶᠢᠭ᠎ᠠ ᠭᠠᠵᠠᠷ ᠤᠨ ᠲᠠᠯᠠᠪᠠᠢ ᠨᠢ ᠥᠷᠭᠡᠨ ᠠᠭᠤᠳᠠᠮ᠂ ᠵᠠᠮ ᠬᠠᠷᠢᠯᠴᠠᠭ᠎ᠠ ᠳᠥᠭᠦᠮ ᠳᠥᠲᠡ᠂ ᠤᠰᠤᠨ ᠴᠠᠬᠢᠯᠭᠠᠨ ᠨᠢ ᠪᠦᠷᠢᠨ ᠭᠦᠢᠴᠡᠳ ᠪᠠᠶᠢᠵᠤ᠂ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠮᠠᠰᠢ ᠲᠤᠬᠢᠷᠠᠵᠤ᠂ ᠬᠤᠶᠢᠰᠢᠳᠠ ᠶᠢᠨ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠦᠢᠴᠡᠳ ᠣᠷᠣᠨ ᠵᠠᠢ ᠦᠯᠡᠳᠡᠭᠡᠵᠦ ᠥᠭᠴᠡᠢ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2500 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠤᠨ᠎ᠠ᠃      ᠲᠣᠰ ᠲᠥᠷᠥᠯ ᠵᠦᠢᠯ ᠲᠣᠰ ᠲᠥᠷᠥᠯ ᠵᠦᠢᠯ ᠤᠨ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠴᠢᠭᠯᠡᠯ ᠪᠣᠯ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠳᠤ ᠲᠦᠰᠢᠭᠯᠡᠨ᠂ ᠨᠡᠭᠦᠷᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 60 ᠲᠦᠮᠡᠨ ᠲᠣᠨ \ a ᠪᠥᠬᠦᠶ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠤᠯᠠᠭᠠᠨᠴᠠᠪ ᠬᠤᠲᠠ ᠵᠢᠴᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠪ ᠪᠣᠯᠭᠠᠨ ᠠᠯᠬᠤᠮ ᠠᠯᠬᠤᠮ ᠢᠶᠠᠷ ᠬᠥᠭᠵᠢᠭᠦᠯᠦᠨ᠎ᠡ᠃      ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ      ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄      1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔      2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔      3᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ︔      ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃      ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ      ᠪᠥᠲᠥᠭᠡᠨ ᠪᠠᠶᠢᠭᠤᠯᠬᠤ ᠨᠢᠭᠡᠴᠡ᠄ ᠤᠯᠠᠭᠠᠨᠴᠠᠪ ᠬᠤᠲᠠ ᠶᠢᠨ ᠬᠤᠸᠠᠨ ᠭᠤᠸᠠᠩ ᠠᠷᠠᠯᠵᠢᠶᠠᠨ ᠤ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠬᠤᠸᠠᠩ ᠼᠦᠢ ᠶᠦᠨ      ᠬᠠᠷᠢᠯᠴᠠᠬᠤ ᠤᠲᠠᠰᠤ᠄ 13514742106      ᠨᠢᠭᠡᠴᠢ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ      ᠦᠨᠡᠯᠡᠬᠦ ᠨᠢᠭᠡᠴᠡ᠄ ᠪᠠᠷᠠᠭᠤᠨ ᠬᠤᠶᠢᠲᠤ ᠣᠷᠣᠨ ᠤ ᠶᠡᠷᠦᠩᠬᠡᠶᠢᠯᠡᠭᠰᠡᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ      ᠬᠠᠷᠢᠯᠴᠠᠬᠤ ᠬᠥᠮᠦᠨ᠄ ᠵᠢᠶᠠ ᠰᠥᠩ ᠬᠤᠤ      ᠬᠠᠷᠢᠯᠴᠠᠬᠤ ᠤᠲᠠᠰᠤ᠄ 15847775970      ᠪᠠᠶᠢᠭᠤᠯᠭ᠎ᠠ ᠶᠢᠨ ᠬᠠᠶ᠋ᠢᠭ᠄ ᠱᠠᠨᠰᠢ ᠮᠤᠵᠢ ᠶᠢᠨ ᠰᠢ ᠠᠨ ᠬᠤᠲᠠ ᠶᠢᠨ ᠯᠢᠶᠠᠨ ᠬᠤ᠋ ᠲᠣᠭᠤᠷᠢᠭ ᠤᠨ ᠰᠢ ᠡᠤ ᠶᠤᠸᠠᠨ 9 ᠳ᠋ᠦᠭᠡᠷ ᠨᠣᠮᠧᠷ      ᠵᠠᠷᠯᠠᠨ ᠨᠡᠶᠢᠲᠡᠯᠡᠭᠰᠡᠨ ᠴᠠᠭ᠄ 2023 ᠣᠨ ᠤ 9 ᠰᠠᠷ᠎ᠠ ᠶᠢᠨ 28᠎ ᠤ ᠡᠳᠦᠷ                                     ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3