︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠭᠠᠷᠭᠠᠭᠰᠠᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ | ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶ ᠢ ᠦᠨᠳᠦᠰᠦᠯᠡᠪᠡᠯ᠂ ᠵᠢᠴᠢ ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠤᠯᠠᠭᠠᠨᠴᠠᠪ | ᠬᠤᠲᠠ ᠶᠢᠨ ᠨᠢᠩ ᠪᠥᠸᠧ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ | ᠵᠦᠢᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ | ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠬᠤ ᠪᠠ ᠬᠤᠷᠢᠶᠠᠨ᠎ᠠ᠃ | ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ | ᠲᠤᠰ ᠤᠳᠠᠭᠠᠨ ᠤ ᠤᠯᠠᠭᠠᠨᠴᠠᠪ ᠬᠤᠲᠠ ᠶᠢᠨ ᠨᠢᠩᠪᠦ᠋ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠰᠣᠩᠭᠤᠨ | ᠲᠣᠬᠢᠷᠠᠭᠤᠯᠬᠤ ᠨᠡᠭᠦᠷᠡᠰᠦᠨ ᠤ ᠲᠥᠷᠥᠯ ᠵᠦᠢᠯ ᠨᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠤᠶ᠃ ᠲᠥᠷᠥᠯ ᠵᠦᠢᠯ ᠤᠨ ᠶᠡᠷᠦᠩᠬᠡᠶ ᠡᠵᠡᠯᠡᠬᠦ | ᠲᠠᠯᠠᠪᠠᠶ ᠨᠢ 73333 ᠲᠡᠭᠰᠢ ᠳᠥᠷᠪᠡᠯᠵᠢᠨ ᠮᠧᠲᠷ ︵110 ᠮᠥ︶ ᠪᠠᠶᠢᠵᠤ᠂ ᠲᠣᠰ ᠲᠥᠷᠥᠯ ᠵᠦᠢᠯ ᠤᠨ | ᠢᠨᠵᠧᠨᠧᠷᠢᠩ ᠳᠤ ᠭᠤᠤᠯᠳᠠᠭᠤ ᠨᠡᠭᠦᠷᠡᠰᠦᠨ ᠤ ᠫᠤᠩ ︵ᠨᠡᠭᠦᠷᠡᠰᠦ ᠠᠴᠢᠶᠠᠯᠠᠵᠤ ᠪᠠᠭᠤᠯᠭᠠᠬᠤ᠂ ᠲᠦᠭᠦᠬᠡᠶ | ᠨᠡᠭᠦᠷᠡᠰᠦ ᠶᠢ ᠰᠢᠭᠰᠢᠨ ᠰᠠᠯᠭᠠᠵᠤ ᠬᠡᠮᠬᠡᠷᠡᠮᠡᠯ ᠦᠢᠯᠡᠳᠪᠦᠷᠢᠯᠡᠯ ᠤᠨ ᠱᠤᠭᠤᠮ ᠵᠢᠴᠢ ᠨᠡᠭᠦᠷᠡᠰᠦ ᠬᠠᠳᠠᠭᠠᠯᠠᠬᠤ ᠲᠠᠯᠠᠪᠠᠶ | ︶ ᠤᠨ ᠲᠥᠷᠥᠯ ᠵᠦᠢᠯ ᠤᠨ ᠢᠵᠢ ᠪᠥᠷᠢᠳᠦᠭᠦᠯᠬᠦ ᠬᠥᠮᠥᠷᠭᠡ᠂ ᠮᠠᠰᠢᠨ ᠰᠡᠯᠪᠢᠨ ᠵᠠᠰᠠᠬᠤ ᠦᠢᠯᠡᠳᠪᠦᠷᠢ ᠶᠢᠨ ᠲᠠᠰᠤᠭ | ᠂ ᠭᠠᠵᠠᠷ ᠤᠨ ᠫᠦᠨᠲ᠂ ᠭᠠᠯ ᠤᠨᠲᠠᠷᠠᠭᠠᠬᠤ ᠤᠰᠤᠨ ᠲᠠᠲᠠᠭᠠᠯ᠂ ᠠᠵᠢᠯᠯᠠᠬᠤ ᠲᠣᠭᠤᠷᠢᠭ᠂ ᠰᠠᠯᠬᠢ ᠬᠠᠯᠬᠠᠯᠠᠬᠤ | ᠲᠣᠭᠤᠰᠣ ᠳᠠᠷᠤᠬᠤ ᠲᠣᠤᠷ᠂ ᠲᠠᠯᠠᠪᠠᠶ ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ ᠣᠯᠠᠨ ᠨᠡᠶᠢᠲᠡ ᠶᠢᠨ | ᠲᠤᠰᠠᠯᠠᠬᠤ ᠢᠨᠵᠧᠨᠧᠷᠢᠩ ᠪᠠᠭᠲᠠᠨ᠎ᠠ᠃ ᠲᠦᠷᠦᠯ ᠵᠦᠢᠯ ᠤᠨ ᠪᠠᠶᠢᠭ᠎ᠠ ᠭᠠᠵᠠᠷ ᠤᠨ ᠲᠠᠯᠠᠪᠠᠢ ᠨᠢ ᠥᠷᠭᠡᠨ ᠠᠭᠤᠳᠠᠮ᠂ | ᠵᠠᠮ ᠬᠠᠷᠢᠯᠴᠠᠭ᠎ᠠ ᠳᠥᠭᠦᠮ ᠳᠥᠲᠡ᠂ ᠤᠰᠤᠨ ᠴᠠᠬᠢᠯᠭᠠᠨ ᠨᠢ ᠪᠦᠷᠢᠨ ᠭᠦᠢᠴᠡᠳ ᠪᠠᠶᠢᠵᠤ᠂ ᠲᠤᠰ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠳᠤ ᠮᠠᠰᠢ ᠲᠤᠬᠢᠷᠠᠵᠤ᠂ ᠬᠤᠶᠢᠰᠢᠳᠠ ᠶᠢᠨ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠳᠤ ᠭᠦᠢᠴᠡᠳ ᠣᠷᠣᠨ ᠵᠠᠢ ᠦᠯᠡᠳᠡᠭᠡᠵᠦ ᠥᠭᠴᠡᠢ᠃ ᠲᠥᠷᠥᠯ ᠵᠦᠢᠯ ᠤᠨ ᠶᠡᠷᠦᠩᠬᠡᠶ | ᠪᠠᠯᠠ ᠣᠷᠣᠭᠤᠯᠤᠯᠲᠠ ᠨᠢ 2539 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠠᠵᠤ | ᠠᠬᠤᠶᠢᠯᠠᠯ ᠤᠨ ᠥᠪᠡᠷ ᠢᠶᠠᠨ ᠴᠤᠭᠯᠠᠭᠤᠯᠤᠨ᠎ᠠ᠃ | ᠲᠣᠰ ᠲᠥᠷᠥᠯ ᠵᠦᠢᠯ ᠲᠣᠰ ᠲᠥᠷᠥᠯ ᠵᠦᠢᠯ ᠤᠨ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠴᠢᠭᠯᠡᠯ | ᠪᠣᠯ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠳᠤ ᠲᠦᠰᠢᠭᠯᠡᠨ᠂ ᠨᠡᠭᠦᠷᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ 60 ᠲᠦᠮᠡᠨ ᠲᠣᠨ \ a ᠪᠥᠬᠦᠶ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ | ᠵᠦᠢᠯ ᠢ ᠪᠥᠲᠥᠭᠡᠨ ᠪᠠᠶᠢᠭᠤᠯᠵᠤ᠂ ᠤᠯᠠᠭᠠᠨᠴᠠᠪ ᠬᠤᠲᠠ ᠵᠢᠴᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ | ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠦᠷᠡᠰᠦ ᠰᠣᠩᠭᠤᠨ ᠳᠣᠭᠢᠷᠠᠭᠤᠯᠬᠤ | ᠲᠥᠪ ᠪᠣᠯᠭᠠᠨ ᠠᠯᠬᠤᠮ ᠠᠯᠬᠤᠮ ᠢᠶᠠᠷ ᠬᠥᠭᠵᠢᠭᠦᠯᠦᠨ᠎ᠡ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ | ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ | 1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔ | 2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ | ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ︔ | ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ | ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ | ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃ | ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ | ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠤᠯᠠᠭᠠᠨᠴᠠᠪ ᠬᠤᠲᠠ ᠶᠢᠨ ᠨᠢᠩ ᠪᠥᠸᠧ ᠠᠷᠠᠯᠵᠢᠶᠠᠨ ᠤ | ᠬᠢᠵᠠᠭᠠᠷᠲᠤ ᠺᠣᠮᠫᠠᠨᠢ | ᠬᠠᠷᠢᠯᠴᠠᠬᠤ ᠬᠥᠮᠦᠨ᠄ ᠸᠠᠩ ᠵᠢᠶᠠᠨ ᠶᠧ | ᠬᠠᠷᠢᠯᠴᠠᠬᠤ ᠤᠲᠠᠰᠤ᠄ 13704741378 | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠦᠷᠡᠰᠦ ᠰᠢᠯᠢᠬᠦ | ᠦᠢᠯᠡᠳᠪᠦᠷᠢ ᠶᠢᠨ 44 ᠳ᠋ᠦᠭᠡᠷ ᠬᠦᠷᠢᠶᠡᠨ ᠳᠤ | ᠦᠨᠡᠯᠡᠬᠦ ᠨᠢᠭᠡᠴᠡ᠄ ᠪᠠᠷᠠᠭᠤᠨ ᠬᠤᠶᠢᠲᠤ ᠣᠷᠣᠨ ᠤ ᠶᠡᠷᠦᠩᠬᠡᠶᠢᠯᠡᠭᠰᠡᠨ ᠬᠠᠶᠢᠨ ᠪᠠᠶᠢᠴᠠᠭᠠᠵᠤ ᠵᠢᠷᠤᠵᠤ | ᠲᠥᠯᠥᠪᠯᠡᠬᠦ ᠰᠤᠳᠤᠯᠭᠠᠨ ᠤ ᠬᠦᠷᠢᠶᠡᠯᠡᠩ | ᠬᠠᠷᠢᠯᠴᠠᠬᠤ ᠬᠥᠮᠦᠨ᠄ ᠵᠢᠶᠠ ᠰᠥᠩ ᠬᠤᠤ | ᠬᠠᠷᠢᠯᠴᠠᠬᠤ ᠤᠲᠠᠰᠤ᠄ 15847775970 | ᠪᠠᠶᠢᠭᠤᠯᠭ᠎ᠠ ᠶᠢᠨ ᠬᠠᠶ᠋ᠢᠭ᠄ ᠱᠠᠨᠰᠢ ᠮᠤᠵᠢ ᠶᠢᠨ ᠰᠢ ᠠᠨ ᠬᠤᠲᠠ ᠶᠢᠨ ᠯᠢᠶᠠᠨ ᠬᠤ᠋ ᠲᠣᠭᠤᠷᠢᠭ ᠤᠨ ᠰᠢ ᠡᠤ | ᠶᠤᠸᠠᠨ 9 ᠳ᠋ᠦᠭᠡᠷ ᠨᠣᠮᠧᠷ | ᠵᠠᠷᠯᠠᠨ ᠨᠡᠶᠢᠲᠡᠯᠡᠭᠰᠡᠨ ᠴᠠᠭ᠄ 2023 ᠣᠨ ᠤ 9 ᠰᠠᠷ᠎ᠠ ᠶᠢᠨ 28 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |