ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠣᠩᠭᠤᠨ ᠲᠣᠬᠢᠷᠠᠭᠤᠯᠬᠤ ᠲᠥᠷᠥᠯ ᠵᠦᠢᠯ
ᠨᠡᠶᠢᠲᠡᠯᠡᠭᠰᠡᠨ ᠴᠠᠭ᠄
2023/9/28
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠷᠭᠠᠭᠰᠠᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶ ᠢ ᠦᠨᠳᠦᠰᠦᠯᠡᠪᠡᠯ᠂ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠴᠤᠭᠯᠠᠭᠤᠯᠬᠤ ᠪᠠ ᠬᠤᠷᠢᠶᠠᠨ᠎ᠠ᠃      ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ      ᠲᠣᠰ ᠤᠳᠠᠭ᠎ᠠ ᠶᠢᠨ ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠰᠣᠩᠭᠤᠨ ᠲᠣᠬᠢᠷᠠᠭᠤᠯᠬᠤ ᠨᠡᠭᠦᠷᠡᠰᠦᠨ ᠤ ᠲᠥᠷᠥᠯ ᠵᠦᠢᠯ ᠨᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠪᠠᠶᠢᠴᠠ ᠨᠢ ᠥᠷᠭᠡᠨ ᠠᠭᠤᠳᠠᠮ᠂ ᠲᠡᠭᠰᠢ ᠲᠡᠭᠰᠢ ᠪᠠᠶᠢᠵᠤ᠂ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 70 ᠮᠥ ᠪᠣᠯᠤᠨ᠎ᠠ᠃ ᠲᠤᠰ ᠲᠦᠷᠦᠯ ᠵᠦᠢᠯ  ᠤᠨ ᠢᠨᠵᠧᠨᠧᠷᠢᠩ ᠲᠤ ᠭᠤᠣᠯᠳᠠᠭᠤ ᠨᠡᠭᠦᠷᠡᠰᠦᠨ ᠤ ᠫᠤᠩ ︵ᠨᠡᠭᠦᠷᠡᠰᠦ ᠠᠴᠢᠶᠠᠯᠠᠵᠤ ᠪᠠᠭᠤᠯᠭᠠᠬᠤ᠂ ᠲᠦᠭᠦᠬᠡᠶ ᠨᠡᠭᠦᠷᠡᠰᠦ ᠶᠢ ᠰᠢᠭᠰᠢᠨ ᠰᠠᠯᠭᠠᠵᠤ ᠬᠡᠮᠬᠡᠷᠡᠮᠡᠯ ᠦᠢᠯᠡᠳᠪᠦᠷᠢᠯᠡᠯ  ᠤᠨ ᠱᠤᠭᠤᠮ ᠬᠢᠭᠡᠳ ᠨᠡᠭᠦᠷᠡᠰᠦ ᠬᠠᠳᠠᠭᠠᠯᠠᠬᠤ ᠲᠠᠯᠠᠪᠠᠢ ᠭᠡᠵᠦ ᠬᠤᠪᠢᠶᠠᠨ᠎ᠠ︶  ᠤᠨ ᠲᠦᠷᠦᠯ ᠵᠦᠢᠯ  ᠤᠨ ᠢᠵᠢ ᠪᠦᠷᠢᠳᠦᠭᠦᠯᠬᠦ ᠬᠥᠮᠥᠷᠭᠡ᠂ ᠮᠠᠰᠢᠨ ᠰᠡᠯᠪᠢᠨ ᠵᠠᠰᠠᠬᠤ ᠦᠢᠯᠡᠳᠪᠦᠷᠢ ᠶᠢᠨ ᠲᠡᠰᠤᠬ᠂ ᠭᠠᠵᠠᠷ ᠤᠨ ᠵᠢᠩᠯᠡᠭᠦᠷ᠂ ᠭᠠᠯ ᠤᠨᠲᠠᠷᠠᠭᠠᠬᠤ ᠤᠰᠤᠨ ᠲᠠᠲᠠᠭᠠᠯ᠂ ᠠᠯᠪᠠᠯᠠᠬᠤ ᠲᠣᠭᠤᠷᠢᠭ᠂ ᠰᠠᠯᠬᠢ ᠬᠠᠯᠬᠠᠯᠠᠨ ᠲᠣᠭᠤᠰᠣ ᠳᠠᠷᠤᠬᠤ ᠲᠣᠣᠷ᠂ ᠲᠠᠯᠠᠪᠠᠢ ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ ᠤᠯᠠᠨ ᠨᠡᠶᠢᠲᠡ ᠶᠢᠨ ᠲᠤᠰᠠᠯᠠᠬᠤ ᠢᠨᠵᠧᠨᠧᠷᠢᠩ ᠪᠠᠭᠲᠠᠵᠤ᠂ ᠵᠢᠯ ᠳᠤ 60 ᠲᠦᠮᠡᠨ ᠲᠣᠨ ᠨᠡᠭᠦᠷᠡᠰᠦ ᠰᠣᠩᠭᠤᠨ ᠲᠣᠬᠢᠷᠠᠭᠤᠯᠤᠨ᠎ᠠ᠃ 20᢭ ᠲᠤᠭᠠᠷ ᠨᠢᠭᠤᠷ  ᠤᠨ ᠪᠠᠷᠢᠯᠭ᠎ᠠ ᠶᠢᠨ ᠲᠥᠷᠥᠯ ᠵᠦᠢᠯ ᠤᠨ ᠢᠵᠢ ᠪᠦᠷᠢᠳᠦᠭᠦᠯᠬᠦ ᠬᠥᠮᠥᠷᠭᠡ᠂ ᠮᠠᠰᠢᠨ ᠰᠡᠯᠪᠢᠨ ᠵᠠᠰᠠᠬᠤ ᠦᠢᠯᠡᠳᠪᠦᠷᠢ ᠶᠢᠨ ᠲᠡᠰᠤᠬ᠂ ᠭᠠᠵᠠᠷ ᠤᠨ ᠵᠢᠩᠯᠡᠭᠦᠷ᠂ ᠭᠠᠯ ᠤᠨᠲᠠᠷᠠᠭᠠᠬᠤ ᠤᠰᠤᠨ ᠲᠠᠲᠠᠭᠠᠯ᠂ ᠠᠯᠪᠠᠯᠠᠬᠤ ᠲᠣᠭᠤᠷᠢᠭ᠂ ᠰᠠᠯᠬᠢ ᠬᠠᠯᠬᠠᠯᠠᠨ ᠲᠣᠭᠤᠰᠣ ᠳᠠᠷᠤᠬᠤ ᠲᠣᠣᠷ᠂ ᠲᠠᠯᠠᠪᠠᠢ ᠳᠣᠲᠣᠷᠠᠬᠢ ᠵᠠᠮ᠂ ᠨᠣᠭᠤᠭᠠᠷᠠᠭᠤᠯᠤᠯᠲᠠ ᠵᠡᠷᠭᠡ ᠤᠯᠠᠨ ᠨᠡᠶᠢᠲᠡ ᠶᠢᠨ ᠲᠤᠰᠠᠯᠠᠬᠤ  ᠢᠨᠵᠧᠨᠧᠷᠢᠩ  ᠢ ᠪᠠᠭᠲᠠᠭᠠᠵᠤ᠂ ᠵᠢᠯ   ᠳᠤ 60 ᠲᠦᠮᠡᠨ ᠲᠣᠨ ᠨᠡᠭᠦᠷᠡᠰᠦ ᠰᠣᠩᠭᠤᠨ ᠲᠣᠬᠢᠷᠠᠭᠤᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 2485.5 ᠲᠦᠮᠡᠨ ᠲᠥᠭᠦᠷᠢᠭ᠂ ᠡᠭᠦᠨ ᠳᠤ ᠲᠣᠭᠲᠠᠮᠠᠯ ᠬᠥᠷᠥᠩᠭᠡ ᠶᠢᠨ ᠶᠡᠷᠦᠩᠬᠡᠶ ᠪᠠᠯᠠ ᠣᠷᠣᠭᠤᠯᠤᠯᠲᠠ 1985.5 ᠲᠦᠮᠡᠨ ᠲᠥᠭᠦᠷᠢᠭ ᠪᠣᠯᠤᠨ᠎ᠠ᠃ ᠰᠠᠭᠤᠷᠢ ᠭᠦᠢᠯᠭᠡᠭᠡᠨ ᠤ ᠪᠡᠯᠡ ᠮᠥᠩᠭᠦ 500 ᠲᠦᠮᠡᠨ ᠲᠥᠭᠦᠷᠢᠭ᠃ ᠪᠡᠯᠡ ᠮᠥᠩᠭᠦᠨ ᠤ ᠢᠷᠡᠯᠲᠡ ᠶᠢ ᠪᠥᠬᠦᠳᠡ ᠶᠢ ᠺᠣᠮᠫᠠᠨᠢ ᠥᠪᠡᠷ ᠢᠶᠠᠨ ᠴᠤᠭᠯᠠᠭᠤᠯᠤᠨ᠎ᠠ᠃      ᠲᠣᠰ ᠲᠥᠷᠥᠯ ᠵᠦᠢᠯ ᠤᠨ ᠭᠤᠤᠯ ᠪᠥᠲᠥᠭᠡᠨ ᠪᠠᠶᠢᠭᠤᠯᠤᠯᠲᠠ ᠶᠢᠨ ᠴᠢᠭᠯᠡᠯ ᠪᠣᠯ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠳᠤ ᠲᠦᠰᠢᠭᠯᠡᠨ᠂ ᠨᠡᠭᠦᠷᠡᠰᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 60 ᠲᠦᠮᠡᠨ ᠲᠣᠨ \ a ᠪᠥᠬᠦᠶ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠤᠯᠠᠭᠠᠨᠴᠠᠪ ᠬᠤᠲᠠ ᠵᠢᠴᠢ ᠤᠯᠠᠭᠠᠨᠴᠠᠪ ᠬᠤᠲᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠦᠷᠡᠰᠦ ᠰᠣᠩᠭᠤᠨ ᠳᠣᠭᠢᠷᠠᠭᠤᠯᠬᠤ ᠲᠥᠪ ᠪᠣᠯᠭᠠᠨ ᠠᠯᠬᠤᠮ ᠠᠯᠬᠤᠮ ᠢᠶᠠᠷ ᠬᠥᠭᠵᠢᠭᠦᠯᠦᠨ᠎ᠡ᠃      ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ      ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄      1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔      2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔      3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ︔      ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃      ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ      ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠲᠢᠶᠠᠨ ᠾᠧᠩ ᠱᠦᠨ ᠲᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠭᠤᠤ ᠵᠢᠶᠠᠨ ᠫᠢᠩ      ᠬᠠᠷᠢᠯᠴᠠᠬᠤ ᠤᠲᠠᠰᠤ᠄ 18647462175      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠮᠢᠶᠣᠣ ᠯᠢᠶᠠᠩ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠾᠧᠩ ᠰᠢᠩ ᠳ᠋ᠡ ︵18 ᠳ᠋ᠤᠭᠠᠷ︶ ᠬᠦᠷᠢᠶᠡᠨ ᠳᠤ      ᠦᠨᠡᠯᠡᠬᠦ ᠨᠢᠭᠡᠴᠡ᠄ ᠪᠠᠷᠠᠭᠤᠨ ᠬᠤᠶᠢᠲᠤ ᠣᠷᠣᠨ ᠤ ᠶᠡᠷᠦᠩᠬᠡᠶᠢᠯᠡᠭᠰᠡᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ      ᠬᠠᠷᠢᠯᠴᠠᠬᠤ ᠬᠥᠮᠦᠨ᠄ ᠵᠢᠶᠠ ᠰᠥᠩ ᠬᠤᠤ      ᠬᠠᠷᠢᠯᠴᠠᠬᠤ ᠤᠲᠠᠰᠤ᠄ 15847775970      ᠪᠠᠶᠢᠭᠤᠯᠭ᠎ᠠ ᠶᠢᠨ ᠬᠠᠶ᠋ᠢᠭ᠄ ᠱᠠᠨᠰᠢ ᠮᠤᠵᠢ ᠶᠢᠨ ᠰᠢ ᠠᠨ ᠬᠤᠲᠠ ᠶᠢᠨ ᠯᠢᠶᠠᠨ ᠬᠤ᠋ ᠲᠣᠭᠤᠷᠢᠭ ᠤᠨ ᠰᠢ ᠡᠤ ᠶᠤᠸᠠᠨ 9 ᠳ᠋ᠦᠭᠡᠷ ᠨᠣᠮᠧᠷ      ᠵᠠᠷᠯᠠᠨ ᠨᠡᠶᠢᠲᠡᠯᠡᠭᠰᠡᠨ ᠴᠠᠭ᠄ 2023 ᠣᠨ ᠤ 9 ᠰᠠᠷ᠎ᠠ ᠶᠢᠨ 28 ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3