ᠪᠡᠭᠡᠵᠢᠩ ᠶᠡᠭᠡ ᠰᠤᠷᠭᠠᠭᠤᠯᠢ ᠶᠢᠨ ᠬᠢᠲᠠᠳ ᠬᠡᠯᠡᠨ ᠤ ᠰᠠᠯᠪᠤᠷᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠧ ᠸᠧᠶ ᠬᠤᠢ ᠨᠠᠷ ᠮᠠᠨ ᠤ ᠰᠢᠶᠠᠨ ᠳᠤ ᠬᠦᠷᠴᠦ ᠪᠡᠭᠡᠵᠢᠩ ᠶᠡᠭᠡ ᠰᠤᠷᠭᠠᠭᠤᠯᠢ ᠳᠤ ᠰᠤᠷᠤᠯᠴᠠᠬᠤ ᠳᠤ ᠬᠦᠴᠢᠷᠲᠡᠶ ᠰᠤᠷᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/9/4
      9 ᠰᠠᠷ᠎ᠠ ᠶᠢᠨ 1᠎ ᠤ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠬᠢᠲᠠᠳ ᠬᠡᠯᠡᠨ ᠤ ᠰᠠᠯᠪᠤᠷᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠧ ᠸᠧᠢ ᠬᠤᠢ ᠨᠠᠷ ᠮᠠᠨ ᠤ ᠰᠢᠶᠠᠨ ᠳᠤ ᠢᠷᠡᠵᠤ ᠭᠡᠷ ᠪᠦᠯᠢ ᠨᠢ ᠬᠦᠴᠢᠷᠳᠡᠯᠲᠡᠢ ᠪᠡᠭᠡᠵᠢᠩ ᠶᠡᠭᠡ ᠰᠤᠷᠭᠠᠭᠤᠯᠢ ᠶᠢᠨ ᠰᠤᠷᠤᠭᠴᠢᠳ ᠢ ᠲᠣᠬᠤᠨᠢᠭᠤᠯᠪᠠ᠃      ᠪᠡᠭᠡᠵᠢᠩ ᠶᠡᠭᠡ ᠰᠤᠷᠭᠠᠭᠤᠯᠢ ᠶᠢᠨ ᠰᠤᠷᠤᠭᠴᠢ ᠸᠠᠩ ᠴᠢ ᠶᠢᠨ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠸᠠᠩ ᠴᠢ ᠵᠢᠴᠢ ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠵᠤ᠂ ᠬᠡᠷ ᠪᠦᠯᠢ ᠶᠢᠨ ᠠᠮᠢᠳᠤᠷᠠᠯ᠂ ᠰᠤᠷᠤᠯᠭ᠎ᠠ ᠵᠢᠴᠢ ᠰᠤᠷᠭᠠᠭᠤᠯᠢ ᠳᠤ ᠣᠷᠣᠬᠤ ᠪᠡᠯᠡᠳᠬᠡᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠸᠠᠩ ᠴᠢ ᠶᠢ ᠰᠢᠨ᠎ᠡ ᠭᠠᠷᠤᠭ᠎ᠠ ᠳᠡᠭᠡᠷ᠎ᠡ ᠴᠤᠴᠠᠯᠲᠠ ᠥᠬᠡᠶ ᠴᠢᠷᠮᠠᠶᠢᠵᠤ᠂ ᠠᠯᠤᠰ ᠬᠡᠲᠦ ᠶᠢᠨ ᠬᠦᠰᠡᠯ ᠵᠣᠷᠢᠯᠲᠠ ᠲᠠᠢ ᠪᠠᠶᠢᠵᠤ᠂ ᠨᠠᠩ ᠥᠨᠳᠥᠷ ᠲᠠᠪᠴᠠᠩ ᠳᠤ ᠦᠷᠭᠦᠯᠵᠢᠯᠡᠨ ᠡᠷᠡᠯᠬᠡᠭᠯᠡᠨ ᠲᠡᠮᠡᠴᠡᠵᠦ᠂ ᠰᠤᠷᠤᠯᠭ᠎ᠠ ᠳᠠᠭᠠᠨ ᠠᠮᠵᠢᠯᠲᠠ ᠣᠯᠵᠤ᠂ ᠤᠯᠤᠰ ᠣᠷᠣᠨ ᠤ ᠪᠠᠨ ᠲᠤᠯᠭᠠᠭᠤᠷᠢ ᠬᠦᠴᠦᠨ ᠪᠣᠯᠵᠣ᠂ ᠬᠡᠷ ᠨᠤᠲᠤᠭ᠂ ᠨᠡᠶᠢᠭᠡᠮ᠂ ᠤᠯᠤᠰ ᠣᠷᠣᠨ ᠤ ᠪᠠᠨ ᠲᠥᠯᠥᠭᠡ ᠨᠠᠩ ᠶᠡᠭᠡ ᠬᠤᠪᠢ ᠨᠡᠮᠡᠷᠢ ᠦᠵᠡᠭᠦᠯᠦᠭᠡᠷᠡᠶ ᠭᠡᠵᠦ ᠵᠣᠷᠢᠭᠵᠢᠭᠤᠯᠪᠠ᠃      2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ᠂ ᠸᠠᠩ ᠴᠢ ᠶᠡᠷᠦᠩᠬᠡᠶ ᠬᠤᠪᠢ ᠶᠢᠨ 635 ᠬᠤᠪᠢ ᠶᠢᠨ ᠰᠢᠯᠢᠳᠡᠭ ᠬᠢᠷᠢ ᠪᠦᠲᠦᠮᠵᠢ ᠪᠠᠷ ᠤᠯᠠᠭᠠᠨᠴᠠᠪ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠮᠠᠩᠯᠠᠶ ᠳᠤ ᠰᠢᠯᠭᠠᠷᠠᠭᠰᠠᠨ ᠪᠥᠭᠡᠳ ᠪᠡᠭᠡᠵᠢᠩ ᠶᠡᠭᠡ ᠰᠤᠷᠭᠠᠭᠤᠯᠢ ᠶᠢᠨ ᠬᠢᠲᠠᠳ ᠬᠡᠯᠡᠨ ᠤ ᠰᠠᠯᠪᠤᠷᠢ ᠳᠤ ᠡᠯᠰᠡᠭᠳᠡᠪᠡ᠃ ᠸᠠᠩ ᠴᠢ ᠬᠠᠮᠲᠤ ᠰᠤᠷᠤᠯᠭᠠᠲᠠᠨ ᠰᠤᠷᠭᠠᠯ ᠢ ᠪᠠᠲᠤ ᠴᠡᠭᠡᠵᠢᠯᠡᠵᠦ᠂ ᠬᠠᠮᠢᠭ᠎ᠠ ᠣᠴᠢᠭᠰᠠᠨ ᠴᠤ ᠤᠭ ᠰᠠᠨᠠᠭ᠎ᠠ ᠪᠠᠨ ᠦᠯᠦ ᠮᠠᠷᠲᠠᠵᠤ᠂ ᠨᠤᠲᠤᠭ ᠤᠰᠤ ᠪᠠᠨ ᠦᠯᠦ ᠮᠠᠷᠲᠠᠵᠤ᠂ ᠦᠨᠡᠨ ᠪᠣᠳᠠᠲᠠᠢ ᠠᠮᠵᠢᠯᠲᠠ ᠪᠠᠷ ᠢᠶᠠᠨ ᠠᠪᠤ ᠡᠵᠢ ᠶᠢᠨ ᠢᠶᠠᠨ ᠠᠴᠢ ᠶᠢ ᠬᠠᠷᠢᠭᠤᠯᠵᠤ᠂ ᠨᠡᠶᠢᠭᠡᠮ ᠤᠨ ᠠᠴᠢ ᠶᠢ ᠬᠠᠷᠢᠭᠤᠯᠵᠤ᠂ ᠨᠤᠲᠤᠭ ᠤᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠢ᠃      ᠰᠢᠶᠠᠨ ᠤ ᠤᠳᠤᠷᠢᠳᠤᠯᠭ᠎ᠠ ᠵᠤᠤ ᠬᠤᠢ ᠵᠢᠤᠢ ᠲᠣᠬᠤᠨᠢᠭᠤᠯᠬᠤ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3