ᠰᠠᠶᠢᠬᠤᠰᠤ ᠪᠠᠯᠭᠠᠰᠤᠨ ᠳᠤ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2023/9/7
      9 ᠰᠠᠷ᠎ᠠ ᠶᠢᠨ 6᠎ ᠤ ᠦᠳᠡ ᠶᠢᠨ ᠡᠮᠦᠨ᠎ᠡ᠂ ᠰᠠᠶᠢᠬᠤᠰᠤ ᠪᠠᠯᠭᠠᠰᠤ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠪᠠ᠃ ᠪᠠᠯᠭᠠᠰᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾᠎ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠬᠤᠷᠠᠯ ᠳᠤ ᠣᠷᠣᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ ᠨᠥᠯᠥᠭᠡ ᠶᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠬᠤᠶᠠᠷ ᠶᠡᠭᠡ ᠶᠠᠪᠤᠳᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠯᠬᠢᠨ ᠤ ᠠᠶ᠎ᠠ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠢ ᠨᠤᠲᠠᠯᠠᠭᠰᠠᠨ ᠵᠣᠷᠢᠭᠵᠢᠭᠤᠯᠤᠯ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠯ᠎ᠠ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠡᠨᠡ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠥᠬᠦ ᠲᠠᠯ᠎ᠠ ᠪᠠᠷ ᠰᠤᠷᠤᠯᠴᠠᠬᠤ᠂ ᠪᠥᠬᠦ ᠲᠠᠯ᠎ᠠ ᠪᠠᠷ ᠡᠵᠡᠮᠳᠡᠬᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3