ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠭᠦᠢᠴᠡᠳᠬᠡᠭᠰᠡᠨ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠲᠤᠬᠠᠢ ᠁ ᠲᠠᠨ ᠤ ᠠᠩᠬᠠᠷᠴᠤ ᠪᠠᠶᠢᠭ᠎ᠠ ᠠᠰᠠᠭᠤᠯᠲᠠ ᠶᠢ ᠲᠠᠪᠤ ᠤᠳᠠᠭ᠎ᠠ ᠠᠰᠠᠭᠤᠵᠤ ᠲᠠᠪᠤ ᠤᠳᠠᠭ᠎ᠠ ᠬᠠᠷᠢᠭᠤᠯᠤᠨ᠎ᠠ︕
ᠨᠡᠶᠢᠲᠡᠯᠡᠭᠰᠡᠨ ᠴᠠᠭ᠄
2023/9/7
      ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ      8 ᠰᠠᠷ᠎ᠠ ᠶᠢᠨ 16᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ 765 ᠳ᠋ᠤᠭᠠᠷ ᠲᠣᠭᠠᠲᠤ ᠵᠠᠷᠯᠢᠭ ᠢᠶᠠᠷ ︽ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠲᠦᠷᠢᠮ︾᠎ ᠢ ᠨᠡᠶᠢᠲᠡᠯᠡᠵᠦ᠂ 2023 ᠣᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 9 ᠰᠠᠷ᠎ᠠ ᠶᠢᠨ 4᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯᠤᠨ ᠬᠠᠤᠯᠢ ᠴᠠᠭᠠᠵᠠ ᠵᠢᠨᠬᠠᠮᠲᠤ ᠪᠠᠷ ᠠᠩᠬᠠᠷᠤᠯ ᠳᠠᠭᠠᠨ ᠠᠪᠤᠶ᠎ᠠ︕      ᠰᠣᠨᠢᠨ ᠮᠡᠳᠡᠭᠡ ᠨᠡᠶᠢᠲᠡᠯᠡᠬᠦ ᠬᠤᠷᠠᠯ ᠢ ᠲᠦᠷᠭᠡᠨ ᠦᠵᠡᠪᠡ —      ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠤᠭᠰᠠᠨ ᠭᠠᠵᠠᠷ ᠲᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠳᠠᠩᠰᠠᠨ ᠤ ᠬᠢᠵᠠᠭᠠᠷᠯᠠᠯ ᠢ ᠬᠦᠴᠦᠨ ᠦᠭᠡᠶ ᠪᠣᠯᠭᠠᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃      ᠦᠨᠳᠦᠰᠦᠨ ᠱᠠᠲᠤᠨ ᠤ ᠲᠦᠷᠭᠡᠨ ᠬᠦᠷᠭᠡᠬᠦ ᠲᠣᠣᠷ ᠴᠢᠭ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠡᠩ ᠲᠡᠷᠢᠭᠦᠨ ᠳᠤ ᠣᠷᠣᠯᠴᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠪᠦᠬᠦᠨ ᠢ ᠬᠠᠮᠤᠷᠬᠤ ᠠᠯᠬᠤᠴᠠ ᠶᠢ ᠲᠦᠷᠭᠡᠳᠬᠡᠨ᠎ᠡ᠃      ᠨᠠᠰᠤᠲᠠᠶᠢᠴᠤᠳ ᠤᠨ ᠤᠯᠤᠰ ᠪᠠ ᠣᠷᠣᠨ ᠨᠤᠲᠤᠭ ᠤᠨ ᠥᠪᠡᠰᠦᠪᠡᠨ ᠭᠡᠷᠡᠴᠢᠯᠡᠬᠦ ᠲᠠᠪᠴᠠᠩ ᠵᠡᠷᠭᠡ ᠶᠢ ᠠᠰᠢᠭᠯᠠᠬᠤ ᠶᠢ ᠳᠡᠮᠵᠢᠵᠦ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠭᠥᠷᠳᠡᠬᠦ ᠬᠢᠷᠢ ᠬᠡᠮ ᠤᠨ ᠥᠪᠡᠰᠦᠪᠡᠨ ᠭᠡᠷᠡᠴᠢᠯᠡᠬᠦ ᠶᠢ ᠪᠡᠶᠡᠯᠡᠭᠦᠯᠦᠨ᠎ᠡ᠃      ᠬᠥᠮᠦᠨ ᠬᠡᠷᠡᠭᠯᠡᠬᠦ ᠨᠢᠭᠡᠴᠡ ᠨᠢ ᠳᠡᠩᠰᠡᠯᠡᠨ ᠬᠠᠮᠢᠶᠠᠷᠬᠤ ᠪᠠᠶᠢᠭᠤᠯᠭ᠎ᠠ ᠳᠤ ᠳᠡᠩᠰᠡᠯᠡᠨ ᠲᠡᠮᠳᠡᠭᠯᠡᠬᠦ ᠶᠢ ᠭᠦᠢᠴᠡᠳᠭᠡᠬᠦ ᠳᠡᠭᠡᠨ ᠨᠡᠶᠢᠭᠡᠮ ᠤᠨ ᠳᠠᠭᠠᠳᠬᠠᠯ ᠤᠨ ᠳᠡᠩᠰᠡᠯᠡᠨ ᠲᠡᠮᠳᠡᠭᠯᠡᠬᠦ ᠶᠢ ᠵᠡᠷᠭᠡ ᠳᠤᠨᠢ ᠭᠦᠢᠴᠡᠳᠭᠡᠵᠦ᠂ ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠵᠦ ᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠠᠭᠠᠳᠬᠠᠯ ᠳᠤ ᠣᠷᠣᠯᠴᠠᠭᠰᠠᠳ ᠤᠨ ᠨᠡᠶᠢᠭᠡᠮ ᠤᠨ ᠳᠠᠭᠠᠳᠬᠠᠯ ᠤᠨ ᠣᠯᠭᠤᠮᠵᠢ ᠭᠥᠷᠳᠡᠬᠦ ᠬᠢᠷᠢ ᠬᠡᠮ ᠢ ᠬᠢᠨᠠᠨ ᠰᠢᠯᠭᠠᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠬᠦ︾᠎ ᠪᠠᠷ ᠳᠠᠮᠵᠢᠭᠤᠯᠤᠨ ︽ᠣᠯᠠᠨ ᠲᠦᠮᠡᠨ ᠢ ᠳᠤᠲᠠᠭᠤ ᠭᠦᠶᠦᠯᠭᠡᠬᠦ︾᠎ ᠶᠢ ᠪᠡᠶᠡᠯᠡᠭᠦᠯᠦᠨ᠎ᠡ᠃      ᠣᠳᠣᠬᠠᠨ ᠳᠤ᠂ ᠳᠠᠭᠠᠳᠬᠠᠯ ᠳᠤ ᠣᠷᠣᠯᠴᠠᠭᠴᠢ ᠪᠦᠬᠦᠨ ᠴᠥᠮ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠢᠶᠠᠨ ᠳᠠᠩᠰᠠᠯᠠᠭᠤᠯᠵᠤ ᠪᠣᠯᠤᠨ᠎ᠠ᠂ ᠡᠭᠦᠨ ᠳᠤ ᠲᠦᠷᠭᠡᠨ ᠡᠮᠴᠢᠯᠡᠵᠦ ᠲᠦᠷᠭᠡᠨ ᠠᠪᠤᠷᠠᠭᠰᠠᠳ ᠢ ᠨᠢᠭᠡᠨᠲᠡ ᠳᠠᠩᠰᠠᠯᠠᠭᠤᠯᠤᠭᠰᠠᠨ ᠢᠶᠠᠷ ᠦᠵᠡᠨ᠎ᠡ᠃      Q1      Q᠄ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠤᠶ ᡼      A᠄ ᠨᠠᠰᠤᠵᠢᠯ ᠤᠨ ᠳᠠᠭᠠᠳᠬᠠᠯ ᠤᠨ ᠲᠠᠯ᠎ᠠ ᠪᠠᠷ᠂ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠤᠭᠰᠠᠨ ᠭᠠᠵᠠᠷ ᠲᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠥᠬᠡᠶ ᠪᠣᠯᠭᠠᠬᠤ ᠶᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠷᠠᠬᠠᠨ ᠣᠷᠣᠯᠴᠠᠭᠠᠳᠤᠶ ᠠᠮᠢᠳᠤᠯᠢᠭ ᠢᠶᠠᠷ ᠠᠵᠢᠯ ᠣᠯᠤᠭᠰᠠᠳ ᠢ ᠵᠣᠬᠢᠶᠠᠨ ᠪᠠᠶᠢᠭᠤᠯᠵᠤ᠂ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃      ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠠᠯ᠎ᠠ ᠪᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠲᠦᠷᠭᠡᠨ ᠬᠦᠷᠭᠡᠬᠦ ᠲᠤᠤᠷ ᠴᠢᠭ᠋ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳᠠᠪᠠᠷ ᠣᠷᠣᠯᠴᠠᠭᠤᠯᠬᠤ ᠶᠢ ᠢᠳᠡᠪᠬᠢᠲᠡᠶ ᠪᠠᠷ ᠠᠬᠢᠭᠤᠯᠤᠨ᠂ ᠠᠵᠢᠯ ᠮᠡᠷᠭᠡᠵᠢᠯ ᠤᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ  ᠤᠨ ᠪᠦᠷᠢᠨ ᠪᠦᠷᠬᠦᠭᠦᠯᠬᠦ ᠠᠯᠬᠤᠴᠠ ᠶᠢ ᠲᠦᠷᠭᠡᠳᠬᠡᠨ᠎ᠡ᠃ ᠡᠨᠡ ᠬᠤᠭᠤᠴᠠᠭᠠᠨ ᠳᠤ ᠨᠢᠭᠡ ᠲᠤᠷᠰᠢᠯᠲᠠ ᠶᠢᠨ ᠴᠡᠭ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠷ ᠠᠵᠢᠯ ᠣᠯᠤᠭᠰᠠᠳ ᠤᠨ ᠠᠵᠢᠯ ᠮᠡᠷᠭᠡᠵᠢᠯ ᠤᠨ ᠭᠡᠮᠲᠦᠯ ᠢ ᠪᠠᠲᠤᠯᠠᠬᠤ ᠲᠤᠷᠰᠢᠯᠲᠠ ᠶᠢᠨ ᠴᠡᠭ ᠢ ᠭᠤᠤᠯᠳᠠᠯᠭ᠎ᠠ ᠲᠠᠢ ᠠᠬᠢᠭᠤᠯᠤᠨ᠎ᠠ᠂ ᠡᠨᠡ ᠬᠦ ᠲᠤᠷᠰᠢᠯᠲᠠ ᠶᠢᠨ ᠴᠡᠭ ᠢ ᠨᠢᠳᠤᠨᠤᠨ ᠤ 7 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡᠳᠦᠭᠡᠷ ᠪᠦᠯᠦᠭ ᠤᠨ ᠲᠤᠷᠰᠢᠯᠲᠠ ᠶᠢ 7 ᠲᠠᠪᠴᠠᠩ ᠤᠨ ᠠᠵᠤ ᠠᠬᠤᠶᠢᠯᠠᠯ ᠳᠤ ᠥᠷᠨᠢᠭᠦᠯᠪᠡ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠲᠠᠪᠴᠠᠩ ᠤᠨ ᠠᠵᠤ ᠠᠬᠤᠶᠢᠯᠠᠯ 7 ᠮᠤᠵᠢ ᠬᠤᠳᠠ ᠳᠤ 615 ᠲᠦᠮᠡᠨ ᠬᠥᠮᠦᠨ ᠢ ᠪᠦᠷᠬᠦᠪᠡ᠃ ᠪᠠᠰᠠ ᠦᠢᠯᠡᠳᠦᠯᠭᠡ ᠶᠢᠨ ᠳᠤᠮᠳᠠ ᠲᠠᠰᠤᠷᠠᠯᠲᠠ ᠥᠬᠡᠶ ᠳ᠋ᠦᠩᠨᠡᠵᠦ᠂ ᠲᠠᠰᠤᠷᠠᠯᠲᠠ ᠥᠬᠡᠶ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ ᠤᠨ ᠭᠡᠮᠲᠦᠯ ᠤᠨ ᠪᠠᠲᠤᠯᠠᠭ᠎ᠠ ᠬᠠᠮᠢᠶᠠᠷᠤᠯᠲᠠ ᠶᠢᠨ  ᠦᠢᠯᠡᠴᠢᠯᠡᠭᠡᠨ ᠤ ᠵᠢᠷᠤᠮᠵᠢᠯ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      Q2      Q᠄ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠬᠢᠨᠠᠨ ᠰᠢᠯᠭᠠᠬᠤ ᠲᠠᠯ᠎ᠠ ᠪᠠᠷ᠂ ᠠᠷᠠᠳ ᠲᠤ ᠲᠥᠬᠦᠮ ᠦᠵᠡᠭᠦᠯᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖      A᠄ ᠨᠢᠭᠡ ᠳᠤ᠂ ᠮᠡᠳᠡᠭᠡ ᠵᠠᠩᠭᠢ ᠶᠢ ᠬᠠᠷᠢᠴᠠᠭᠤᠯᠤᠨ ᠭᠡᠷᠡᠴᠢᠯᠡᠬᠦ ᠶᠢ ᠥᠷᠨᠢᠭᠦᠯᠦᠨ᠎ᠡ᠃ ︽ᠲᠦᠷᠢᠮ︾᠎ ᠳᠤ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠨᠢ ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠬᠢᠨᠠᠨ ᠰᠢᠯᠭᠠᠬᠤ ᠬᠡᠷᠡᠭᠲᠡᠶ ᠭᠡᠵᠦ ᠲᠣᠭᠲᠠᠭᠠᠵᠠᠶ᠃      ᠬᠤᠶᠠᠷ ᠲᠤ ᠠᠯᠤᠰ ᠠᠴᠠ ᠥᠪᠡᠰᠦᠪᠡᠨ ᠦᠢᠯᠡᠴᠢᠯᠡᠬᠦ ᠭᠡᠷᠡᠴᠢᠯᠡᠭᠡ ᠬᠢᠬᠦ ᠶᠢ ᠬᠡᠷᠡᠭᠵᠢᠭᠦᠯᠦᠨ᠎ᠡ᠃ ᠠᠮᠢᠳᠤ ᠪᠣᠳᠠᠰ ᠤᠨ ᠣᠨᠴᠠᠯᠢᠭ ᠢ ᠢᠯᠭᠠᠨ ᠲᠠᠨᠢᠬᠤ ᠭᠡᠷᠡᠴᠢᠯᠡᠯ᠂ ᠭᠠᠷ ᠤᠲᠠᠰᠤᠨ ᠤ ᠬᠡᠷᠡᠭᠯᠡᠭᠡᠨ ᠤ ᠠᠯᠤᠰ ᠵᠠᠶ ᠶᠢᠨ ᠭᠡᠷᠡᠴᠢᠯᠡᠯ ᠵᠡᠷᠭᠡ ᠦᠢᠯᠡᠴᠢᠯᠡᠭᠡ ᠶᠢ ᠳᠡᠯᠭᠡᠷᠡᠭᠦᠯᠵᠦ᠂ ᠨᠠᠰᠤᠲᠠᠶᠢᠴᠤᠳ ᠤᠨ ᠤᠯᠤᠰ ᠪᠠ ᠣᠷᠣᠨ ᠨᠤᠲᠤᠭ ᠤᠨ ᠥᠪᠡᠰᠦᠪᠡᠨ ᠦᠢᠯᠡᠴᠢᠯᠡᠬᠦ ᠭᠡᠷᠡᠴᠢᠯᠡᠯ ᠤᠨ ᠲᠠᠪᠴᠠᠩ ᠵᠡᠷᠭᠡ ᠶᠢ ᠠᠰᠢᠭᠯᠠᠨ᠂ ᠥᠪᠡᠰᠦᠪᠡᠨ ᠭᠡᠷᠡᠴᠢᠯᠡᠬᠦ ᠶᠢ ᠪᠡᠶᠡᠯᠡᠭᠦᠯᠬᠦ ᠶᠢ ᠳᠡᠮᠵᠢᠵᠦ᠂ ᠬᠡᠰᠡᠭ ᠨᠠᠰᠤᠲᠠᠶᠢᠴᠤᠳ ᠤᠨ ᠣᠶᠤᠨᠯᠢᠭ ᠭᠠᠷ ᠤᠲᠠᠰᠤ ᠪᠠᠷ ᠭᠡᠷᠡᠴᠢᠯᠡᠬᠦ ᠶᠢ ᠬᠡᠷᠡᠭᠯᠡᠵᠦ ᠴᠢᠳᠠᠬᠤ ᠥᠬᠡᠶ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠠᠷ ᠤᠲᠠᠰᠤᠨ ᠤ ᠬᠡᠷᠡᠭᠯᠡᠯᠲᠡ ᠳᠤ ︽ᠪᠤᠰᠤᠳ ᠬᠥᠮᠦᠨ ᠣᠷᠣᠯᠠᠨ ᠠᠵᠢᠯᠯᠠᠭᠤᠯᠬᠤ︾ ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠡᠷ ᠤᠨ ᠬᠥᠮᠦᠰ ᠪᠤᠶᠤ ᠠᠵᠢᠯᠲᠠᠨ ᠨᠢ ᠨᠠᠰᠤᠲᠠᠶᠢᠴᠤᠳ ᠢ ᠬᠠᠪᠰᠤᠷᠤᠨ ᠭᠡᠷᠡᠴᠢᠯᠡᠭᠦᠯᠵᠦ ᠪᠣᠯᠤᠨ᠎ᠠ᠃      ᠭᠤᠷᠪᠠ ᠳᠤ᠂ ᠦᠢᠯᠡᠴᠢᠯᠡᠭᠡ ᠪᠠᠷ ᠳᠠᠮᠵᠢᠭᠤᠯᠤᠨ ᠭᠡᠷᠡᠴᠢᠯᠡᠯ ᠤᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ︽ᠲᠦᠷᠢᠮ︾᠎ ᠳᠤ ᠪᠠᠰᠠ ᠲᠣᠭᠲᠠᠭᠠᠭᠰᠠᠨ ᠨᠢ᠂ ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠦᠢᠯᠡᠴᠢᠯᠡᠬᠦ ᠭᠡᠷᠡᠴᠢᠯᠡᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠨᠤᠲᠠᠯᠠᠬᠤ ᠶᠢᠨ ᠠᠷᠭ᠎ᠠ ᠥᠬᠡᠶ ᠪᠠᠶᠢᠪᠠᠯ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠬᠥᠮᠦᠨ ᠬᠡᠷᠡᠭᠯᠡᠬᠦ ᠨᠢᠭᠡᠴᠡ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠢᠨᠠᠨ ᠬᠠᠷᠭᠤᠭᠤᠯᠤᠭᠤᠯᠵᠤ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠮᠡᠳᠡᠭᠡ ᠵᠠᠩᠭᠢ ᠶᠢᠨ ᠲᠠᠯ᠎ᠠ ᠪᠠᠷ ᠣᠯᠭᠤᠮᠵᠢ ᠠᠪᠬᠤ ᠬᠢᠷᠢ ᠬᠡᠮ ᠢ ᠨᠢ ᠨᠤᠲᠠᠯᠠᠵᠤ ᠳᠡᠶᠢᠯᠬᠦ ᠥᠬᠡᠶ ᠬᠥᠮᠦᠰ ᠢ ᠪᠤᠳᠤᠪᠠᠯ᠂ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ᠂ ᠰᠣᠶᠣᠯ ᠴᠡᠩᠭᠡᠯ ᠤᠨ ᠠᠵᠢᠯᠯᠠᠭ᠎ᠠ᠂ ᠡᠷᠬᠢᠨ ᠦᠵᠡᠵᠦ ᠲᠣᠬᠤᠨᠢᠭᠤᠯᠬᠤ ᠵᠡᠷᠭᠡ ᠠᠷᠭ᠎ᠠ ᠮᠠᠶ᠋ᠢᠭ ᠢ ᠪᠠᠭᠲᠠᠭᠠᠭᠰᠠᠨ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠦᠢᠯᠡᠴᠢᠯᠡᠭᠡ ᠲᠠᠢ ᠤᠶᠠᠯᠳᠤᠭᠤᠯᠤᠨ᠂ ᠭᠡᠷᠡᠴᠢᠯᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠬᠠᠮᠢᠶᠠᠷᠤᠯᠲᠠ ᠶᠢ ᠦᠢᠯᠡᠴᠢᠯᠡᠭᠡ ᠳᠤ ᠠᠬᠤᠭᠤᠯᠵᠤ᠂ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠵᠤ ᠪᠠᠶᠢᠨ᠎ᠠ᠃      ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠤᠯᠤᠰ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠪᠠ ᠥᠪᠡᠰᠦᠪᠡᠨ ᠦᠢᠯᠡᠴᠢᠯᠡᠬᠦ ᠠᠷᠭ᠎ᠠ ᠪᠠᠷᠢᠯ ᠢ ᠠᠰᠢᠭᠯᠠᠨ ᠭᠡᠷᠡᠴᠢᠯᠡᠯᠲᠡ ᠶᠢ ᠪᠡᠶᠡᠯᠡᠭᠦᠯᠦᠭᠰᠡᠨ ᠬᠠᠷᠢᠴᠠᠯ ᠨᠢ ᠶᠡᠷᠦᠩᠬᠡᠶ ᠳᠡᠭᠡᠨ 70%᠎ ᠶᠢ ᠳᠠᠪᠠᠭᠰᠠᠨ ᠪᠠᠶᠢᠨ᠎ᠠ᠃      Q3      Q᠄ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠶᠢ ᠳᠥᠭᠦᠮᠴᠢᠯᠡᠬᠦ ᠬᠢᠷᠢ ᠲᠦᠪᠰᠢᠨ ᠢ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠶ︖      A᠄ ︽ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠲᠦᠷᠢᠮ︾᠎ ᠳᠤ ᠲᠣᠭᠲᠠᠭᠠᠭᠰᠠᠨ ᠨᠢ᠂ ᠬᠥᠮᠦᠨ ᠬᠡᠷᠡᠭᠯᠡᠬᠦ ᠨᠢᠭᠡᠴᠡ ᠳᠡᠩᠰᠡᠯᠡᠨ ᠬᠠᠮᠢᠶᠠᠷᠬᠤ ᠪᠠᠶᠢᠭᠤᠯᠤᠯᠭ᠎ᠠ ᠳᠤ ᠳᠡᠩᠰᠡᠯᠡᠯᠲᠡ ᠬᠢᠬᠦ ᠳᠡᠭᠡᠨ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢ ᠵᠡᠷᠭᠡ ᠪᠠᠷ  ᠭᠦᠢᠴᠡᠳᠭᠡᠵᠦ᠂ ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠳ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠬᠠᠷᠭᠤᠭᠤᠯᠤᠨ ᠰᠢᠯᠭᠠᠵᠤ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠬᠦ︾᠎ ᠪᠠᠷ ᠳᠠᠮᠵᠢᠭᠤᠯᠤᠨ ︽ᠣᠯᠠᠨ ᠲᠦᠮᠡᠨ ᠢ ᠳᠤᠲᠠᠭᠤ ᠭᠦᠶᠦᠯᠭᠡᠬᠦ︾ ᠬᠡᠷᠡᠭᠲᠡᠶ᠃ ᠴᠢᠬᠤᠯᠠ ᠦᠭᠡᠢ ᠭᠡᠷᠡᠴᠢᠯᠡᠬᠦ ᠮᠠᠲ᠋ᠧᠷᠢᠶᠠᠯ ᠢ ᠬᠠᠰᠤᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦ ᠪᠠᠷᠢᠮᠲᠠ ᠦᠭᠡᠢ ᠭᠡᠷᠡᠴᠢᠯᠡᠬᠦ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠱᠠᠭᠠᠷᠳᠠᠨ᠎ᠠ᠃      ᠪᠥᠬᠦ ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠭᠦᠨᠵᠡᠭᠡᠶ ᠠᠭᠤᠰᠤᠯᠴᠠᠭᠤᠯᠬᠤ ᠶᠢ ᠳᠥᠯᠭᠢᠨ ᠠᠬᠢᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠠᠩ ᠣᠯᠠᠨ ︽ᠨᠢᠭᠡ ᠶᠠᠪᠤᠳᠠᠯ︾᠎ ᠤᠨ ᠬᠤᠷᠠᠮᠠᠯ ᠦᠢᠯᠡᠴᠢᠯᠡᠭᠡ ᠶᠢ ᠭᠠᠷᠭᠠᠵᠤ᠂ ᠬᠥᠮᠦᠨ ᠬᠡᠷᠡᠭᠯᠡᠬᠦ ᠨᠢᠭᠡᠴᠡ ᠪᠠ ᠬᠤᠪᠢ ᠬᠥᠮᠦᠨ ᠳᠤ ᠪᠥᠬᠦ ᠰᠦᠯᠵᠢᠶᠡᠨ ᠤ ᠮᠠᠶ᠋ᠢᠭ ᠤᠨ᠂ ᠪᠥᠬᠦ ᠴᠤᠪᠤᠷᠠᠯ ᠤᠨ᠂ ᠵᠥᠷᠢᠶ᠎ᠡ ᠥᠬᠡᠶ ᠳᠥᠭᠦᠮ ᠳᠥᠲᠡ ᠦᠢᠯᠡᠴᠢᠯᠡᠭᠡ ᠬᠠᠩᠭᠠᠨ᠎ᠠ᠃      ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠶ ᠬᠠᠮᠲᠤᠯᠢᠭ ᠲᠤ ᠬᠠᠷᠰᠢ ᠰᠠᠭᠠᠳ ᠥᠬᠡᠶ ᠦᠢᠯᠡᠴᠢᠯᠡᠭᠡ ᠶᠢ ᠴᠢᠩᠭᠠᠳᠬᠠᠵᠤ᠂ ᠡᠷᠬᠡ ᠣᠯᠭᠤᠵᠤ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ  ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠲᠥᠬᠦᠮ ᠦᠵᠡᠭᠦᠯᠬᠦ ᠦᠢᠯᠡᠴᠢᠯᠡᠭᠡᠨ ᠬᠠᠩᠭᠠᠨ᠎ᠠ᠃      ᠪᠠᠩᠬᠢ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠤᠨ ᠬᠦᠴᠦᠨ ᠢ ᠠᠰᠢᠭᠯᠠᠨ᠂ ᠦᠢᠯᠡᠴᠢᠯᠡᠭᠡᠨ ᠤ ᠲᠣᠤᠷ ᠴᠢᠬ ᠢ ᠤᠷᠲᠤᠳᠬᠠᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠬᠤᠲᠠ ᠪᠠᠯᠭᠠᠰᠤᠨ ᠳᠤ ᠬᠤᠲᠠ ᠶᠢᠨ ᠲᠣᠭᠤᠷᠢᠭ ᠲᠤ 15 ᠮᠢᠨᠦ᠋ᠲ ᠠᠯᠬᠤᠵᠤ᠂ ᠬᠥᠳᠡᠭᠡ ᠲᠣᠰᠬᠤᠨ ᠳᠤ 5 ᠺᠢᠯᠣᠮᠧᠲᠷ ᠤᠨ ᠦᠢᠯᠡᠴᠢᠯᠡᠭᠡᠨ ᠤ ᠲᠣᠭᠤᠷᠢᠭ ᠢ ᠬᠠᠮᠤᠷᠤᠭᠰᠠᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ︽ᠣᠶᠢᠷ᠎ᠠ ᠬᠠᠪᠢ ᠳᠠᠭᠠᠨ ᠭᠦᠢᠴᠡᠳᠭᠡᠬᠦ︾ ᠦᠢᠯᠡᠴᠢᠯᠡᠭᠡ ᠶᠢ ᠪᠣᠶ ᠪᠣᠯᠭᠠᠨ᠎ᠠ᠃      Q4      Q᠄ ᠡᠨᠡ ᠵᠢᠯ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠪᠥᠬᠦ ᠤᠯᠤᠰ ᠤᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠬᠢᠴᠠ ᠲᠠᠢ ᠪᠣᠯᠤᠭᠰᠠᠨ ᠪᠣᠶ︖      A᠄ ᠡᠨᠡ ᠵᠢᠯ ᠤᠨ 8 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠮᠤᠵᠢ ᠠᠯᠤᠰᠯᠠᠨ ᠰᠦᠯᠵᠢᠶᠡᠨ ᠳᠤ ᠬᠤᠯᠪᠣᠭᠰᠠᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠤᠭ᠎ᠠ ᠨᠢᠭᠡᠨᠲᠡ 47.51 ᠲᠦᠮᠡ ᠳᠤ ᠬᠦᠷᠴᠦ᠂ ᠨᠢᠳᠤᠨᠤᠨ ᠤ ᠵᠢᠯ ᠤᠨ ᠡᠴᠦᠰ ᠤᠨ ᠬᠢ ᠠᠴᠠ 45.33%᠎ ᠪᠠᠷ ᠨᠡᠮᠡᠭᠳᠡᠵᠡᠶ᠃ ᠡᠭᠦᠨ ᠤ ᠵᠡᠷᠭᠡ ᠳᠤ᠂ ᠡᠨᠡ ᠵᠢᠯ ᠤᠨ ᠲᠦᠷᠦᠭᠦᠤ 8 ᠰᠠᠷ᠎ᠠ ᠳᠤ᠂ ᠪᠥᠬᠦ ᠤᠯᠤᠰ ᠤᠨ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ ᠪᠠ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠮᠤᠵᠢ ᠠᠯᠤᠰᠯᠠᠨ ᠰᠢᠭᠤᠳ ᠲᠡᠰᠦᠯᠦᠨ ᠪᠤᠳᠤᠭᠰᠠᠨ ᠪᠥᠬᠦ ᠬᠥᠮᠦᠨ ᠤᠳᠠᠭ᠎ᠠ 7216.71 ᠲᠦᠮᠡᠨ ᠬᠥᠮᠦᠨ ᠤᠳᠠᠭ᠎ᠠ ᠳᠤ ᠬᠦᠷᠴᠦ᠂ ᠣᠯᠠᠨ ᠲᠦᠮᠡᠨ ᠤ ᠣᠷᠣᠯᠠᠨ ᠳᠥᠯᠥᠬᠦ ᠵᠣᠭᠤᠰ ᠢ 972.1 ᠳ᠋ᠦᠩᠰᠢᠭᠤᠷ ᠲᠥᠭᠦᠷᠢᠭ ᠪᠠᠭᠠᠰᠬᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠲᠣᠰ ᠲᠣᠰ 245.1% ᠪᠠ 91.77%᠎ ᠪᠠᠷ ᠨᠡᠮᠡᠭᠳᠡᠵᠡᠶ᠃      ᠣᠳᠣᠬᠠᠨ ᠳᠤ᠂ ᠪᠣᠶ ᠪᠥᠬᠦᠶ ᠳᠠᠭᠠᠳᠬᠠᠯ ᠳᠤ ᠣᠷᠣᠯᠴᠠᠭᠴᠢ ᠴᠥᠮ ᠣᠨᠳᠣᠤ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠵᠤ ᠪᠣᠯᠤᠨ᠎ᠠ᠂ ᠡᠭᠦᠨ ᠳᠤ ᠲᠦᠷᠭᠡᠨ ᠡᠮᠨᠡᠵᠦ ᠲᠦᠷᠭᠡᠨ ᠠᠪᠤᠷᠬᠠᠤ ᠬᠥᠮᠦᠰ ᠢ ᠨᠢᠭᠡᠨᠲᠡ ᠳᠠᠩᠰᠠᠯᠠᠭᠤᠯᠤᠭᠰᠠᠨ ᠲᠠᠢ ᠠᠳᠠᠯᠢ ᠪᠠᠷ ᠦᠵᠡᠨ᠎ᠡ᠃ ᠪᠥᠬᠦ ᠤᠯᠤᠰ ᠲᠤ ᠳᠠᠩᠰᠠᠯᠠᠭᠤᠯᠬᠤ ᠬᠦᠴᠦᠨ ᠲᠠᠢ ᠬᠤᠭᠤᠴᠠᠭ᠎ᠠ ᠶᠢ ᠨᠢᠭᠡᠨᠲᠡ ᠨᠢᠭᠡᠳᠬᠡᠵᠡᠶ᠂ ᠬᠦᠴᠦᠨ ᠲᠠᠢ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠴᠢ ᠡᠮᠴᠢᠯᠡᠭᠦᠯᠦᠭᠰᠡᠨ ᠭᠠᠵᠠᠷ ᠲᠠᠭᠠᠨ ᠣᠯᠠᠨ ᠤᠳᠠᠭ᠎ᠠ ᠡᠮᠨᠡᠭᠦᠯᠵᠦ ᠪᠣᠯᠬᠤ ᠪᠥᠭᠡᠳ ᠳᠠᠩᠰᠠᠯᠠᠭᠤᠯᠤᠭᠰᠠᠨ ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠬᠤᠤᠰ ᠴᠢᠭᠯᠡᠯ ᠢᠶᠠᠷ ᠬᠠᠷᠠᠭᠠᠯᠵᠠᠯ ᠭᠥᠷᠳᠡᠵᠦ ᠪᠣᠯᠤᠨ᠎ᠠ᠃      Q5      Q᠄ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ  ᠭᠦᠢᠴᠡᠳᠭᠡᠬᠦ  ᠦᠢᠯᠡᠴᠢᠯᠡᠭᠡ ᠶᠢ ᠬᠡᠷᠬᠢᠨ ᠨᠠᠩ ᠳᠥᠭᠦᠮ ᠳᠥᠲᠡ᠂ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ ᠪᠣᠯᠭᠠᠬᠤ ᠪᠣᠶ︖      A᠄ ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠶᠠᠪᠤᠳᠠᠯ ᠤᠨ ᠡᠮᠦᠨ᠎ᠡ ᠬᠤᠭᠤᠴᠠᠭᠠᠨ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ 28 ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠪᠠᠶᠢᠩᠭᠤ ᠬᠡᠷᠡᠭᠯᠡᠬᠦ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠬᠡᠵᠦ᠂ ᠠᠵᠢᠯ ᠶᠠᠪᠤᠳᠠᠯ  ᠭᠦᠢᠴᠡᠳᠭᠡᠬᠦ ᠭᠤᠭᠴᠤᠭ᠎ᠠ ᠪᠠ  ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠵᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ  ᠲᠤᠪᠴᠢᠶ᠎ᠡ ᠠᠴᠠ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠬᠡᠷᠡᠭ ᠡᠷᠬᠢᠯᠡᠬᠦ ᠭᠤᠭᠴᠤᠭ᠎ᠠ ᠶᠢ ᠴᠣᠮᠬᠠᠳᠬᠠᠬᠤ ᠪᠠ ᠶᠠᠪᠤᠴᠠ ᠶᠢ ᠲᠠᠬᠢᠨ ᠪᠦᠲᠦᠭᠡᠬᠦ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠨᠢᠭᠡ ᠬᠤᠳᠠ ᠳᠤ ᠪᠦᠬᠦᠨ ᠢ ᠰᠢᠢᠳᠪᠦᠷᠢᠯᠡᠬᠦ ︾᠎ ᠶᠢ ᠢᠳᠡᠪᠬᠢᠲᠡᠢ ᠠᠬᠢᠭᠤᠯᠤᠨ᠎ᠠ᠃      ᠬᠤᠶᠠᠷ ᠲᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠪᠥᠬᠦ ︽ᠲᠦᠷᠢᠮ︾᠎ ᠳᠤ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ ᠨᠡᠶᠢᠭᠡᠮ ᠤᠨ ᠳᠠᠭᠠᠳᠬᠠᠯ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠵᠠᠰᠠᠭ ᠤᠨ ᠣᠷᠳᠣᠨ ᠤ ᠰᠦᠯᠵᠢᠶᠡᠨ ᠤ ᠦᠷᠳᠡᠭᠡ᠂ ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠠᠷᠭ᠎ᠠ ᠵᠠᠮ ᠢᠶᠠᠷ  ᠰᠢᠢᠳᠪᠦᠷᠢᠯᠡᠵᠦ ᠪᠣᠯᠤᠨ᠎ᠠ ᠭᠡᠵᠦ ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ  ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠥᠬᠦ ᠶᠠᠪᠤᠴᠠ ᠶᠢᠨ ᠲᠣᠭᠠᠴᠢᠯᠠᠭᠰᠠᠨ  ᠦᠢᠯᠡᠴᠢᠯᠡᠭᠡ ᠶᠢ ᠳᠥᠯᠭᠢᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ  ᠭᠦᠢᠴᠡᠳᠭᠡᠬᠦ︾ ︽ᠠᠯᠠᠭᠠᠨ ᠳᠡᠭᠡᠷ᠎ᠡ ᠠᠴᠠ ᠭᠦᠢᠴᠡᠳᠭᠡᠬᠦ︾᠎ ᠶᠢ ᠲᠦᠷᠭᠡᠳᠬᠡᠨ ᠠᠬᠢᠭᠤᠯᠵᠤ᠂ ︽ᠣᠯᠠᠨ ᠲᠦᠮᠡᠨ ᠭᠦᠶᠦᠯᠳᠦᠬᠦ︾᠎ ᠶᠢ ︽ᠲᠤᠭ᠎ᠠ ᠪᠠᠷᠢᠮᠲᠠ ᠶᠢᠨ ᠭᠦᠶᠦᠯᠲᠡ ᠶᠢᠨ ᠵᠠᠮ︾ ᠪᠣᠯᠭᠠᠨ ᠬᠤᠪᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠰᠦᠯᠵᠢᠶᠡᠨ ᠳᠡᠭᠡᠷ᠎ᠡ  ᠭᠦᠢᠴᠡᠳᠭᠡᠵᠦ ᠪᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠣᠣᠷ ᠢ ᠲᠦᠷᠭᠡᠪᠴᠢᠯᠡᠨ ︽ᠲᠦᠷᠢᠮ︾᠎ ᠳᠤ᠂ ᠨᠡᠶᠢᠭᠡᠮ ᠤᠨ ᠳᠠᠭᠠᠳᠬᠠᠯ ᠢ ᠭᠠᠷᠲᠠᠨ  ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠮᠤᠵᠢ᠂ ᠬᠤᠲᠠ᠂ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠬᠡᠷᠡᠭᠲᠡᠶ ᠭᠡᠵᠦ ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠦᠨᠳᠦᠰᠦᠨ ᠱᠠᠲᠤᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ᠦᠢᠯᠡᠴᠢᠯᠡᠭᠡ ᠶᠢ ᠦᠷᠭᠦᠯᠵᠢᠯᠡᠨ ᠳᠣᠷᠣᠭᠰᠢ ᠪᠠᠭᠤᠯᠭᠠᠬᠤ ᠶᠢ ᠠᠬᠢᠭᠤᠯᠤᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠣᠭᠤᠷᠢᠭ︾᠎ ᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠭᠤᠯᠬᠤ ᠵᠡᠷᠭᠡ ᠥᠨᠳᠥᠷ ᠲᠠᠪᠳᠠᠮᠵᠢᠳᠤ ᠦᠢᠯᠡᠴᠢᠯᠡᠭᠡᠨ ᠤ  ᠵᠦᠢᠯᠡᠰ ᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠴᠢᠨᠠᠭᠰᠢᠯᠠᠪᠠᠯ ᠲᠣᠰᠬᠤᠨ ︵ᠨᠡᠶᠢᠭᠡᠮ ᠲᠣᠭᠤᠷᠢᠭ︶᠎ ᠳᠤ ᠬᠦᠷᠭᠡᠨ ᠰᠢᠢᠳᠪᠦᠷᠢᠯᠡᠵᠦ᠂ ᠣᠯᠠᠨ ᠲᠦᠮᠡᠨ ᠤ ︽ᠬᠠᠵᠠᠭᠤ ᠳᠤᠨᠢ ᠭᠦᠢᠴᠡᠳᠭᠡᠬᠦ︾᠎ ᠳᠤ ᠲᠥᠬᠦᠮ ᠦᠵᠡᠭᠦᠯᠦᠨ᠎ᠡ᠃      ᠲᠦᠷᠪᠡ ᠳᠤ᠂ ᠡᠮ ᠡᠮᠨᠡᠯᠭᠡ ᠶᠢᠨ ᠳᠤᠯᠠᠭᠠᠯᠭ᠎ᠠ ᠶᠢᠨ ᠰᠡᠳᠬᠢᠯ ᠤᠨ ᠠᠵᠢᠯ ᠤᠨ ᠠᠯᠪᠠᠨ ᠭᠡᠷ ᠢ ᠦᠷᠭᠦᠯᠵᠢᠯᠡᠨ ᠠᠬᠢᠭᠤᠯᠤᠨ᠎ᠠ᠃ ︽ᠲᠦᠷᠢᠮ︾᠎ ᠳᠤ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷᠰᠢ ᠰᠠᠭᠠᠳ ᠥᠬᠡᠶ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠩᠭᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠲᠥᠬᠦᠮ ᠦᠵᠡᠭᠦᠯᠬᠦ ᠬᠡᠷᠡᠭᠲᠡᠶ ᠭᠡᠵᠦ ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠪᠠᠷᠢᠮᠵᠢᠶᠠᠵᠢᠭᠤᠯᠤᠯᠲᠠ ᠶᠢᠨ ᠴᠣᠩᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠦᠢᠯᠡᠴᠢᠯᠡᠭᠡᠨ ᠤ ᠲᠥᠬᠦᠭᠡᠷᠦᠮᠵᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠪᠠ ᠬᠠᠷᠰᠢ ᠰᠠᠭᠠᠳ ᠥᠬᠡᠶ ᠮᠡᠳᠡᠭᠡ ᠵᠠᠩᠭᠢ ᠶᠢᠨ ᠦᠢᠯᠡᠴᠢᠯᠡᠭᠡ ᠶᠢ ᠳᠥᠯᠭᠢᠨ ᠠᠬᠢᠭᠤᠯᠵᠤ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ  ᠭᠦᠢᠴᠡᠳᠭᠡᠬᠦ ᠬᠠᠮᠢᠶᠠᠷᠤᠯᠲᠠ ᠦᠢᠯᠡᠴᠢᠯᠡᠭᠡᠨ ᠤ ᠦᠨᠡᠯᠡᠯᠲᠡ ᠶᠢ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ  ᠳᠡᠭᠡᠭᠰᠢᠯᠡᠭᠦᠯᠦᠨ᠎ᠡ᠃           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠮᠥᠩᠭᠦᠨᠰᠤᠶᠢᠬᠡ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3