9 ᠰᠠᠷ᠎ᠠ ᠶᠢᠨ 6 ᠤ ᠦᠳᠡ ᠶᠢᠨ ᠡᠮᠦᠨ᠎ᠡ᠂ ᠰᠠᠶᠢᠬᠤᠰᠤ ᠪᠠᠯᠭᠠᠰᠤ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠣᠬᠢᠶᠠᠨ | ᠪᠠᠶᠢᠭᠤᠯᠤᠨ ᠰᠤᠷᠤᠯᠴᠠᠪᠠ᠃ ᠪᠠᠯᠭᠠᠰᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ | ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠬᠤᠷᠠᠯ ᠳᠤ ᠣᠷᠣᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠠᠯᠤᠰ ᠬᠡᠳᠤ ᠶᠢᠨ ᠨᠥᠯᠥᠭᠡ ᠶᠢ ᠭᠦᠨᠵᠡᠭᠡᠢ ᠲᠠᠨᠢᠵᠤ᠂ | ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠬᠤᠶᠠᠷ ᠶᠡᠭᠡ ᠶᠠᠪᠤᠳᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ | ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ | ᠨᠢᠭᠡᠳᠬᠡᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ | ᠶᠡᠬᠡᠪᠡᠷ ᠪᠠᠳᠠᠷᠠᠭᠤᠯᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠯᠬᠢᠨ ᠤ ᠠᠶ᠎ᠠ ᠪᠠᠷ ᠡᠷᠡᠯᠬᠡᠭᠯᠡᠨ | ᠲᠡᠮᠡᠴᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠢ ᠨᠤᠲᠠᠯᠠᠭᠰᠠᠨ | ᠵᠣᠷᠢᠭᠵᠢᠭᠤᠯᠤᠯ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ | ᠭᠤᠶᠢᠪᠢᠰᠢ ᠦᠭᠡᠢ ᠤᠷᠤᠭᠰᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠯ᠎ᠠ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠤᠯᠤᠰ | ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠡᠨᠡ ᠤᠳᠠᠭ᠎ᠠ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠲᠠᠰᠤᠷᠠᠯᠲᠠ ᠥᠬᠡᠶ | ᠭᠦᠨᠵᠡᠭᠡᠶᠢᠷᠡᠭᠦᠯᠵᠦ᠂ ᠪᠥᠬᠦ ᠲᠠᠯ᠎ᠠ ᠪᠠᠷ ᠰᠤᠷᠤᠯᠴᠠᠬᠤ᠂ ᠪᠥᠬᠦ ᠲᠠᠯ᠎ᠠ ᠪᠠᠷ ᠡᠵᠡᠮᠳᠡᠬᠦ᠂ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ | | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |