ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ | ᠨᠡᠶᠢᠲᠡᠯᠡᠬᠦ ᠬᠤᠷᠠᠯ | 8 ᠰᠠᠷ᠎ᠠ ᠶᠢᠨ 16 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ 765 ᠳ᠋ᠤᠭᠠᠷ ᠲᠣᠭᠠᠲᠤ | ᠵᠠᠷᠯᠢᠭ ᠢᠶᠠᠷ ︽ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠲᠦᠷᠢᠮ︾ ᠢ ᠨᠡᠶᠢᠲᠡᠯᠡᠵᠦ᠂ 2023 | ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠭᠡᠷ 9 ᠰᠠᠷ᠎ᠠ ᠶᠢᠨ 4 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯᠤᠨ ᠬᠠᠤᠯᠢ ᠴᠠᠭᠠᠵᠠ | ᠵᠢᠨᠬᠠᠮᠲᠤ ᠪᠠᠷ ᠠᠩᠬᠠᠷᠤᠯ ᠳᠠᠭᠠᠨ ᠠᠪᠤᠶ᠎ᠠ︕ | ᠰᠣᠨᠢᠨ ᠮᠡᠳᠡᠭᠡ ᠨᠡᠶᠢᠲᠡᠯᠡᠬᠦ ᠬᠤᠷᠠᠯ ᠢ ᠲᠦᠷᠭᠡᠨ ᠦᠵᠡᠪᠡ — | ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠤᠭᠰᠠᠨ ᠭᠠᠵᠠᠷ ᠲᠠᠭᠠᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠳᠠᠩᠰᠠᠨ ᠤ | ᠬᠢᠵᠠᠭᠠᠷᠯᠠᠯ ᠢ ᠬᠦᠴᠦᠨ ᠦᠭᠡᠶ ᠪᠣᠯᠭᠠᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠦᠨᠳᠦᠰᠦᠨ ᠱᠠᠲᠤᠨ ᠤ ᠲᠦᠷᠭᠡᠨ ᠬᠦᠷᠭᠡᠬᠦ ᠲᠣᠣᠷ ᠴᠢᠭ ᠢ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠡᠩ ᠲᠡᠷᠢᠭᠦᠨ ᠳᠤ ᠣᠷᠣᠯᠴᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠢᠯ | ᠮᠡᠷᠭᠡᠵᠢᠯ ᠤᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠪᠦᠬᠦᠨ ᠢ | ᠬᠠᠮᠤᠷᠬᠤ ᠠᠯᠬᠤᠴᠠ ᠶᠢ ᠲᠦᠷᠭᠡᠳᠬᠡᠨ᠎ᠡ᠃ | ᠨᠠᠰᠤᠲᠠᠶᠢᠴᠤᠳ ᠤᠨ ᠤᠯᠤᠰ ᠪᠠ ᠣᠷᠣᠨ ᠨᠤᠲᠤᠭ ᠤᠨ ᠥᠪᠡᠰᠦᠪᠡᠨ ᠭᠡᠷᠡᠴᠢᠯᠡᠬᠦ ᠲᠠᠪᠴᠠᠩ ᠵᠡᠷᠭᠡ ᠶᠢ | ᠠᠰᠢᠭᠯᠠᠬᠤ ᠶᠢ ᠳᠡᠮᠵᠢᠵᠦ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠭᠥᠷᠳᠡᠬᠦ ᠬᠢᠷᠢ ᠬᠡᠮ ᠤᠨ ᠥᠪᠡᠰᠦᠪᠡᠨ | ᠭᠡᠷᠡᠴᠢᠯᠡᠬᠦ ᠶᠢ ᠪᠡᠶᠡᠯᠡᠭᠦᠯᠦᠨ᠎ᠡ᠃ | ᠬᠥᠮᠦᠨ ᠬᠡᠷᠡᠭᠯᠡᠬᠦ ᠨᠢᠭᠡᠴᠡ ᠨᠢ ᠳᠡᠩᠰᠡᠯᠡᠨ ᠬᠠᠮᠢᠶᠠᠷᠬᠤ ᠪᠠᠶᠢᠭᠤᠯᠭ᠎ᠠ ᠳᠤ ᠳᠡᠩᠰᠡᠯᠡᠨ ᠲᠡᠮᠳᠡᠭᠯᠡᠬᠦ ᠶᠢ | ᠭᠦᠢᠴᠡᠳᠭᠡᠬᠦ ᠳᠡᠭᠡᠨ ᠨᠡᠶᠢᠭᠡᠮ ᠤᠨ ᠳᠠᠭᠠᠳᠬᠠᠯ ᠤᠨ ᠳᠡᠩᠰᠡᠯᠡᠨ ᠲᠡᠮᠳᠡᠭᠯᠡᠬᠦ ᠶᠢ ᠵᠡᠷᠭᠡ ᠳᠤᠨᠢ ᠭᠦᠢᠴᠡᠳᠭᠡᠵᠦ᠂ | ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠵᠦ ᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ | ᠳᠠᠭᠠᠳᠬᠠᠯ ᠳᠤ ᠣᠷᠣᠯᠴᠠᠭᠰᠠᠳ ᠤᠨ ᠨᠡᠶᠢᠭᠡᠮ ᠤᠨ ᠳᠠᠭᠠᠳᠬᠠᠯ ᠤᠨ ᠣᠯᠭᠤᠮᠵᠢ ᠭᠥᠷᠳᠡᠬᠦ ᠬᠢᠷᠢ ᠬᠡᠮ ᠢ ᠬᠢᠨᠠᠨ | ᠰᠢᠯᠭᠠᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠬᠦ︾ ᠪᠠᠷ ᠳᠠᠮᠵᠢᠭᠤᠯᠤᠨ ︽ᠣᠯᠠᠨ ᠲᠦᠮᠡᠨ ᠢ ᠳᠤᠲᠠᠭᠤ | ᠭᠦᠶᠦᠯᠭᠡᠬᠦ︾ ᠶᠢ ᠪᠡᠶᠡᠯᠡᠭᠦᠯᠦᠨ᠎ᠡ᠃ | ᠣᠳᠣᠬᠠᠨ ᠳᠤ᠂ ᠳᠠᠭᠠᠳᠬᠠᠯ ᠳᠤ ᠣᠷᠣᠯᠴᠠᠭᠴᠢ ᠪᠦᠬᠦᠨ ᠴᠥᠮ ᠮᠤᠵᠢ ᠠᠯᠤᠰᠯᠠᠨ ᠤᠨᠳᠤᠤ ᠭᠠᠵᠠᠷ ᠲᠤ | ᠡᠮᠨᠡᠭᠦᠯᠦᠭᠰᠡᠨ ᠢᠶᠠᠨ ᠳᠠᠩᠰᠠᠯᠠᠭᠤᠯᠵᠤ ᠪᠣᠯᠤᠨ᠎ᠠ᠂ ᠡᠭᠦᠨ ᠳᠤ ᠲᠦᠷᠭᠡᠨ ᠡᠮᠴᠢᠯᠡᠵᠦ ᠲᠦᠷᠭᠡᠨ ᠠᠪᠤᠷᠠᠭᠰᠠᠳ ᠢ | ᠨᠢᠭᠡᠨᠲᠡ ᠳᠠᠩᠰᠠᠯᠠᠭᠤᠯᠤᠭᠰᠠᠨ ᠢᠶᠠᠷ ᠦᠵᠡᠨ᠎ᠡ᠃ | Q1 | Q᠄ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠬᠢᠨ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠪᠤᠶ | A᠄ ᠨᠠᠰᠤᠵᠢᠯ ᠤᠨ ᠳᠠᠭᠠᠳᠬᠠᠯ ᠤᠨ ᠲᠠᠯ᠎ᠠ ᠪᠠᠷ᠂ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ | ᠣᠯᠤᠭᠰᠠᠨ ᠭᠠᠵᠠᠷ ᠲᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠥᠬᠡᠶ ᠪᠣᠯᠭᠠᠬᠤ ᠶᠢ ᠨᠠᠶᠢᠳᠠᠪᠤᠷᠢᠵᠢᠭᠤᠯᠵᠤ | ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠷᠠᠬᠠᠨ | ᠣᠷᠣᠯᠴᠠᠭᠠᠳᠤᠶ ᠠᠮᠢᠳᠤᠯᠢᠭ ᠢᠶᠠᠷ ᠠᠵᠢᠯ ᠣᠯᠤᠭᠰᠠᠳ ᠢ ᠵᠣᠬᠢᠶᠠᠨ ᠪᠠᠶᠢᠭᠤᠯᠵᠤ᠂ ᠲᠣᠭᠲᠠᠭᠠᠯ ᠶᠣᠰᠣᠭᠠᠷ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠠᠯ᠎ᠠ ᠪᠠᠷ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠣᠷᠣᠯᠴᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠲᠦᠷᠭᠡᠨ ᠬᠦᠷᠭᠡᠬᠦ | ᠲᠤᠤᠷ ᠴᠢᠭ᠋ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳᠠᠪᠠᠷ ᠣᠷᠣᠯᠴᠠᠭᠤᠯᠬᠤ ᠶᠢ | ᠢᠳᠡᠪᠬᠢᠲᠡᠶ ᠪᠠᠷ ᠠᠬᠢᠭᠤᠯᠤᠨ᠂ ᠠᠵᠢᠯ ᠮᠡᠷᠭᠡᠵᠢᠯ ᠤᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠳᠦᠷᠢᠮ ᠤᠨ ᠪᠦᠷᠢᠨ ᠪᠦᠷᠬᠦᠭᠦᠯᠬᠦ ᠠᠯᠬᠤᠴᠠ ᠶᠢ ᠲᠦᠷᠭᠡᠳᠬᠡᠨ᠎ᠡ᠃ ᠡᠨᠡ ᠬᠤᠭᠤᠴᠠᠭᠠᠨ ᠳᠤ | ᠨᠢᠭᠡ ᠲᠤᠷᠰᠢᠯᠲᠠ ᠶᠢᠨ ᠴᠡᠭ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠷ ᠠᠵᠢᠯ ᠣᠯᠤᠭᠰᠠᠳ ᠤᠨ ᠠᠵᠢᠯ | ᠮᠡᠷᠭᠡᠵᠢᠯ ᠤᠨ ᠭᠡᠮᠲᠦᠯ ᠢ ᠪᠠᠲᠤᠯᠠᠬᠤ ᠲᠤᠷᠰᠢᠯᠲᠠ ᠶᠢᠨ ᠴᠡᠭ ᠢ ᠭᠤᠤᠯᠳᠠᠯᠭ᠎ᠠ ᠲᠠᠢ ᠠᠬᠢᠭᠤᠯᠤᠨ᠎ᠠ᠂ ᠡᠨᠡ ᠬᠦ | ᠲᠤᠷᠰᠢᠯᠲᠠ ᠶᠢᠨ ᠴᠡᠭ ᠢ ᠨᠢᠳᠤᠨᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡᠳᠦᠭᠡᠷ | ᠪᠦᠯᠦᠭ ᠤᠨ ᠲᠤᠷᠰᠢᠯᠲᠠ ᠶᠢ 7 ᠲᠠᠪᠴᠠᠩ ᠤᠨ ᠠᠵᠤ ᠠᠬᠤᠶᠢᠯᠠᠯ ᠳᠤ ᠥᠷᠨᠢᠭᠦᠯᠪᠡ᠃ 7 ᠰᠠᠷ᠎ᠠ ᠶᠢᠨ ᠰᠡᠭᠦᠯᠴᠢ | ᠪᠣᠯᠲᠠᠯ᠎ᠠ᠂ ᠲᠠᠪᠴᠠᠩ ᠤᠨ ᠠᠵᠤ ᠠᠬᠤᠶᠢᠯᠠᠯ 7 ᠮᠤᠵᠢ ᠬᠤᠳᠠ ᠳᠤ 615 ᠲᠦᠮᠡᠨ ᠬᠥᠮᠦᠨ ᠢ ᠪᠦᠷᠬᠦᠪᠡ᠃ ᠪᠠᠰᠠ | ᠦᠢᠯᠡᠳᠦᠯᠭᠡ ᠶᠢᠨ ᠳᠤᠮᠳᠠ ᠲᠠᠰᠤᠷᠠᠯᠲᠠ ᠥᠬᠡᠶ ᠳ᠋ᠦᠩᠨᠡᠵᠦ᠂ ᠲᠠᠰᠤᠷᠠᠯᠲᠠ ᠥᠬᠡᠶ ᠰᠦᠪᠡᠭᠴᠢᠯᠡᠨ | ᠲᠡᠭᠦᠯᠳᠡᠷᠵᠢᠭᠦᠯᠵᠦ᠂ ᠠᠵᠢᠯ ᠤᠨ ᠭᠡᠮᠲᠦᠯ ᠤᠨ ᠪᠠᠲᠤᠯᠠᠭ᠎ᠠ ᠬᠠᠮᠢᠶᠠᠷᠤᠯᠲᠠ ᠶᠢᠨ ᠦᠢᠯᠡᠴᠢᠯᠡᠭᠡᠨ ᠤ ᠵᠢᠷᠤᠮᠵᠢᠯ ᠪᠠ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | Q2 | Q᠄ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠬᠢᠨᠠᠨ ᠰᠢᠯᠭᠠᠬᠤ ᠲᠠᠯ᠎ᠠ ᠪᠠᠷ᠂ | ᠠᠷᠠᠳ ᠲᠤ ᠲᠥᠬᠦᠮ ᠦᠵᠡᠭᠦᠯᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | A᠄ ᠨᠢᠭᠡ ᠳᠤ᠂ ᠮᠡᠳᠡᠭᠡ ᠵᠠᠩᠭᠢ ᠶᠢ ᠬᠠᠷᠢᠴᠠᠭᠤᠯᠤᠨ ᠭᠡᠷᠡᠴᠢᠯᠡᠬᠦ ᠶᠢ ᠥᠷᠨᠢᠭᠦᠯᠦᠨ᠎ᠡ᠃ ︽ᠲᠦᠷᠢᠮ︾ ᠳᠤ᠂ | ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠨᠢ ᠮᠡᠳᠡᠭᠡ ᠵᠠᠩᠭᠢ ᠶᠢ ᠬᠠᠷᠢᠴᠠᠭᠤᠯᠬᠤ᠂ | ᠥᠪᠡᠰᠦᠪᠡᠨ ᠭᠡᠷᠡᠴᠢᠯᠡᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ | ᠬᠢᠷᠢ ᠬᠡᠮ ᠢ ᠬᠢᠨᠠᠨ ᠰᠢᠯᠭᠠᠬᠤ ᠬᠡᠷᠡᠭᠲᠡᠶ ᠭᠡᠵᠦ ᠲᠣᠭᠲᠠᠭᠠᠵᠠᠶ᠃ | ᠬᠤᠶᠠᠷ ᠲᠤ ᠠᠯᠤᠰ ᠠᠴᠠ ᠥᠪᠡᠰᠦᠪᠡᠨ ᠦᠢᠯᠡᠴᠢᠯᠡᠬᠦ ᠭᠡᠷᠡᠴᠢᠯᠡᠭᠡ ᠬᠢᠬᠦ ᠶᠢ ᠬᠡᠷᠡᠭᠵᠢᠭᠦᠯᠦᠨ᠎ᠡ᠃ ᠠᠮᠢᠳᠤ | ᠪᠣᠳᠠᠰ ᠤᠨ ᠣᠨᠴᠠᠯᠢᠭ ᠢ ᠢᠯᠭᠠᠨ ᠲᠠᠨᠢᠬᠤ ᠭᠡᠷᠡᠴᠢᠯᠡᠯ᠂ ᠭᠠᠷ ᠤᠲᠠᠰᠤᠨ ᠤ ᠬᠡᠷᠡᠭᠯᠡᠭᠡᠨ ᠤ ᠠᠯᠤᠰ ᠵᠠᠶ ᠶᠢᠨ | ᠭᠡᠷᠡᠴᠢᠯᠡᠯ ᠵᠡᠷᠭᠡ ᠦᠢᠯᠡᠴᠢᠯᠡᠭᠡ ᠶᠢ ᠳᠡᠯᠭᠡᠷᠡᠭᠦᠯᠵᠦ᠂ ᠨᠠᠰᠤᠲᠠᠶᠢᠴᠤᠳ ᠤᠨ ᠤᠯᠤᠰ ᠪᠠ ᠣᠷᠣᠨ ᠨᠤᠲᠤᠭ ᠤᠨ | ᠥᠪᠡᠰᠦᠪᠡᠨ ᠦᠢᠯᠡᠴᠢᠯᠡᠬᠦ ᠭᠡᠷᠡᠴᠢᠯᠡᠯ ᠤᠨ ᠲᠠᠪᠴᠠᠩ ᠵᠡᠷᠭᠡ ᠶᠢ ᠠᠰᠢᠭᠯᠠᠨ᠂ ᠥᠪᠡᠰᠦᠪᠡᠨ ᠭᠡᠷᠡᠴᠢᠯᠡᠬᠦ ᠶᠢ | ᠪᠡᠶᠡᠯᠡᠭᠦᠯᠬᠦ ᠶᠢ ᠳᠡᠮᠵᠢᠵᠦ᠂ ᠬᠡᠰᠡᠭ ᠨᠠᠰᠤᠲᠠᠶᠢᠴᠤᠳ ᠤᠨ ᠣᠶᠤᠨᠯᠢᠭ ᠭᠠᠷ ᠤᠲᠠᠰᠤ ᠪᠠᠷ ᠭᠡᠷᠡᠴᠢᠯᠡᠬᠦ ᠶᠢ ᠬᠡᠷᠡᠭᠯᠡᠵᠦ | ᠴᠢᠳᠠᠬᠤ ᠥᠬᠡᠶ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠠᠷ ᠤᠲᠠᠰᠤᠨ ᠤ ᠬᠡᠷᠡᠭᠯᠡᠯᠲᠡ ᠳᠤ ︽ᠪᠤᠰᠤᠳ ᠬᠥᠮᠦᠨ | ᠣᠷᠣᠯᠠᠨ ᠠᠵᠢᠯᠯᠠᠭᠤᠯᠬᠤ︾ ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠡᠷ ᠤᠨ ᠬᠥᠮᠦᠰ ᠪᠤᠶᠤ ᠠᠵᠢᠯᠲᠠᠨ ᠨᠢ | ᠨᠠᠰᠤᠲᠠᠶᠢᠴᠤᠳ ᠢ ᠬᠠᠪᠰᠤᠷᠤᠨ ᠭᠡᠷᠡᠴᠢᠯᠡᠭᠦᠯᠵᠦ ᠪᠣᠯᠤᠨ᠎ᠠ᠃ | ᠭᠤᠷᠪᠠ ᠳᠤ᠂ ᠦᠢᠯᠡᠴᠢᠯᠡᠭᠡ ᠪᠠᠷ ᠳᠠᠮᠵᠢᠭᠤᠯᠤᠨ ᠭᠡᠷᠡᠴᠢᠯᠡᠯ ᠤᠨ ᠮᠡᠳᠡᠭᠡ ᠵᠠᠩᠭᠢ ᠶᠢ ᠨᠠᠷᠢᠯᠢᠭ | ᠣᠨᠣᠴᠠᠲᠠᠶ ᠪᠠᠷ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ︽ᠲᠦᠷᠢᠮ︾ ᠳᠤ ᠪᠠᠰᠠ ᠲᠣᠭᠲᠠᠭᠠᠭᠰᠠᠨ ᠨᠢ᠂ | ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ ᠦᠢᠯᠡᠴᠢᠯᠡᠬᠦ ᠭᠡᠷᠡᠴᠢᠯᠡᠯ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠨᠤᠲᠠᠯᠠᠬᠤ ᠶᠢᠨ ᠠᠷᠭ᠎ᠠ ᠥᠬᠡᠶ | ᠪᠠᠶᠢᠪᠠᠯ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠬᠥᠮᠦᠨ ᠬᠡᠷᠡᠭᠯᠡᠬᠦ ᠨᠢᠭᠡᠴᠡ | ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠢᠨᠠᠨ ᠬᠠᠷᠭᠤᠭᠤᠯᠤᠭᠤᠯᠵᠤ ᠪᠣᠯᠤᠨ᠎ᠠ᠃ | ᠣᠶᠢᠷ᠎ᠠ ᠶᠢᠨ ᠵᠢᠯ ᠤᠳ ᠲᠤ᠂ ᠮᠡᠳᠡᠭᠡ ᠵᠠᠩᠭᠢ ᠶᠢᠨ ᠲᠠᠯ᠎ᠠ ᠪᠠᠷ ᠣᠯᠭᠤᠮᠵᠢ ᠠᠪᠬᠤ ᠬᠢᠷᠢ ᠬᠡᠮ ᠢ ᠨᠢ ᠨᠤᠲᠠᠯᠠᠵᠤ | ᠳᠡᠶᠢᠯᠬᠦ ᠥᠬᠡᠶ ᠬᠥᠮᠦᠰ ᠢ ᠪᠤᠳᠤᠪᠠᠯ᠂ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ᠂ ᠰᠣᠶᠣᠯ ᠴᠡᠩᠭᠡᠯ ᠤᠨ | ᠠᠵᠢᠯᠯᠠᠭ᠎ᠠ᠂ ᠡᠷᠬᠢᠨ ᠦᠵᠡᠵᠦ ᠲᠣᠬᠤᠨᠢᠭᠤᠯᠬᠤ ᠵᠡᠷᠭᠡ ᠠᠷᠭ᠎ᠠ ᠮᠠᠶ᠋ᠢᠭ ᠢ ᠪᠠᠭᠲᠠᠭᠠᠭᠰᠠᠨ ᠪᠥᠬᠦ ᠠᠷᠠᠳ ᠤᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ | ᠦᠢᠯᠡᠴᠢᠯᠡᠭᠡ ᠲᠠᠢ ᠤᠶᠠᠯᠳᠤᠭᠤᠯᠤᠨ᠂ ᠭᠡᠷᠡᠴᠢᠯᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ | ᠥᠷᠨᠢᠭᠦᠯᠵᠦ᠂ ᠬᠠᠮᠢᠶᠠᠷᠤᠯᠲᠠ ᠶᠢ ᠦᠢᠯᠡᠴᠢᠯᠡᠭᠡ ᠳᠤ ᠠᠬᠤᠭᠤᠯᠵᠤ᠂ ᠪᠠᠰᠠ ᠬᠥᠳᠡᠯᠵᠦ ᠪᠠᠷᠢᠬᠤ ᠳᠤ ᠳᠥᠭᠦᠮ | ᠦᠭᠡᠢ ᠬᠥᠮᠦᠰ ᠲᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠵᠤ ᠪᠠᠶᠢᠨ᠎ᠠ᠃ | ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠤᠯᠤᠰ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠪᠠ | ᠥᠪᠡᠰᠦᠪᠡᠨ ᠦᠢᠯᠡᠴᠢᠯᠡᠬᠦ ᠠᠷᠭ᠎ᠠ ᠪᠠᠷᠢᠯ ᠢ ᠠᠰᠢᠭᠯᠠᠨ ᠭᠡᠷᠡᠴᠢᠯᠡᠯᠲᠡ ᠶᠢ ᠪᠡᠶᠡᠯᠡᠭᠦᠯᠦᠭᠰᠡᠨ ᠬᠠᠷᠢᠴᠠᠯ ᠨᠢ | ᠶᠡᠷᠦᠩᠬᠡᠶ ᠳᠡᠭᠡᠨ 70% ᠶᠢ ᠳᠠᠪᠠᠭᠰᠠᠨ ᠪᠠᠶᠢᠨ᠎ᠠ᠃ | Q3 | Q᠄ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠶᠢ ᠳᠥᠭᠦᠮᠴᠢᠯᠡᠬᠦ ᠬᠢᠷᠢ ᠲᠦᠪᠰᠢᠨ ᠢ ᠬᠡᠷᠬᠢᠨ | ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠶ︖ | A᠄ ︽ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠲᠦᠷᠢᠮ︾ ᠳᠤ ᠲᠣᠭᠲᠠᠭᠠᠭᠰᠠᠨ ᠨᠢ᠂ ᠬᠥᠮᠦᠨ | ᠬᠡᠷᠡᠭᠯᠡᠬᠦ ᠨᠢᠭᠡᠴᠡ ᠳᠡᠩᠰᠡᠯᠡᠨ ᠬᠠᠮᠢᠶᠠᠷᠬᠤ ᠪᠠᠶᠢᠭᠤᠯᠤᠯᠭ᠎ᠠ ᠳᠤ ᠳᠡᠩᠰᠡᠯᠡᠯᠲᠡ ᠬᠢᠬᠦ ᠳᠡᠭᠡᠨ ᠨᠡᠶᠢᠭᠡᠮ ᠤᠨ | ᠳᠠᠭᠠᠳᠬᠠᠯ ᠤᠨ ᠳᠡᠩᠰᠡᠯᠡᠯᠲᠡ ᠶᠢ ᠵᠡᠷᠭᠡ ᠪᠠᠷ ᠭᠦᠢᠴᠡᠳᠭᠡᠵᠦ᠂ ᠮᠡᠳᠡᠭᠡ ᠵᠠᠩᠭᠢ ᠶᠢ ᠬᠠᠷᠢᠴᠠᠭᠤᠯᠬᠤ᠂ ᠥᠪᠡᠰᠦᠪᠡᠨ | ᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠳ ᠤᠨ ᠨᠡᠶᠢᠭᠡᠮ ᠤᠨ | ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠬᠠᠷᠭᠤᠭᠤᠯᠤᠨ ᠰᠢᠯᠭᠠᠵᠤ᠂ ︽ᠲᠤᠭ᠎ᠠ ᠪᠠᠷᠢᠮᠲᠠ ᠶᠢ ᠢᠯᠡᠭᠦᠤ | ᠭᠦᠶᠦᠯᠭᠡᠬᠦ︾ ᠪᠠᠷ ᠳᠠᠮᠵᠢᠭᠤᠯᠤᠨ ︽ᠣᠯᠠᠨ ᠲᠦᠮᠡᠨ ᠢ ᠳᠤᠲᠠᠭᠤ ᠭᠦᠶᠦᠯᠭᠡᠬᠦ︾ ᠬᠡᠷᠡᠭᠲᠡᠶ᠃ ᠴᠢᠬᠤᠯᠠ ᠦᠭᠡᠢ | ᠭᠡᠷᠡᠴᠢᠯᠡᠬᠦ ᠮᠠᠲ᠋ᠧᠷᠢᠶᠠᠯ ᠢ ᠬᠠᠰᠤᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠤᠨ ᠦᠨᠳᠦᠰᠦ ᠪᠠᠷᠢᠮᠲᠠ ᠦᠭᠡᠢ ᠭᠡᠷᠡᠴᠢᠯᠡᠬᠦ ᠮᠠᠲ᠋ᠧᠷᠢᠶᠠᠯ ᠢ ᠬᠦᠴᠦᠨ ᠦᠭᠡᠢ | ᠪᠣᠯᠭᠠᠬᠤ ᠪᠠᠷ ᠱᠠᠭᠠᠷᠳᠠᠨ᠎ᠠ᠃ | ᠪᠥᠬᠦ ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠶᠢ | ᠨᠢᠭᠡᠳᠦᠯᠲᠡᠶ ᠪᠠᠶᠢᠯᠭᠠᠬᠤ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠲᠤᠬᠠᠶᠢᠯᠠᠭᠰᠠᠨ ᠠᠵᠢᠯ ᠤᠨ | ᠲᠠᠯ᠎ᠠ ᠪᠠᠷ ᠬᠠᠮᠵᠢᠯᠴᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠭᠦᠨᠵᠡᠭᠡᠶ | ᠠᠭᠤᠰᠤᠯᠴᠠᠭᠤᠯᠬᠤ ᠶᠢ ᠳᠥᠯᠭᠢᠨ ᠠᠬᠢᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠦᠨ᠂ ᠨᠠᠩ ᠣᠯᠠᠨ ︽ᠨᠢᠭᠡ ᠶᠠᠪᠤᠳᠠᠯ︾ ᠤᠨ ᠬᠤᠷᠠᠮᠠᠯ ᠦᠢᠯᠡᠴᠢᠯᠡᠭᠡ ᠶᠢ ᠭᠠᠷᠭᠠᠵᠤ᠂ | ᠬᠥᠮᠦᠨ ᠬᠡᠷᠡᠭᠯᠡᠬᠦ ᠨᠢᠭᠡᠴᠡ ᠪᠠ ᠬᠤᠪᠢ ᠬᠥᠮᠦᠨ ᠳᠤ ᠪᠥᠬᠦ ᠰᠦᠯᠵᠢᠶᠡᠨ ᠤ ᠮᠠᠶ᠋ᠢᠭ ᠤᠨ᠂ ᠪᠥᠬᠦ ᠴᠤᠪᠤᠷᠠᠯ ᠤᠨ᠂ | ᠵᠥᠷᠢᠶ᠎ᠡ ᠥᠬᠡᠶ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠶ ᠬᠠᠮᠲᠤᠯᠢᠭ ᠲᠤ ᠬᠠᠷᠰᠢ ᠰᠠᠭᠠᠳ ᠥᠬᠡᠶ | ᠦᠢᠯᠡᠴᠢᠯᠡᠭᠡ ᠶᠢ ᠴᠢᠩᠭᠠᠳᠬᠠᠵᠤ᠂ ᠡᠷᠬᠡ ᠣᠯᠭᠤᠵᠤ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠦᠢᠯᠡᠴᠢᠯᠡᠬᠦ | ᠵᠡᠷᠭᠡ ᠠᠷᠭ᠎ᠠ ᠮᠠᠶ᠋ᠢᠭ ᠢᠶᠠᠷ ᠲᠥᠬᠦᠮ ᠦᠵᠡᠭᠦᠯᠬᠦ ᠦᠢᠯᠡᠴᠢᠯᠡᠭᠡᠨ ᠬᠠᠩᠭᠠᠨ᠎ᠠ᠃ | ᠪᠠᠩᠬᠢ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠤᠨ ᠬᠦᠴᠦᠨ ᠢ ᠠᠰᠢᠭᠯᠠᠨ᠂ | ᠦᠢᠯᠡᠴᠢᠯᠡᠭᠡᠨ ᠤ ᠲᠣᠤᠷ ᠴᠢᠬ ᠢ ᠤᠷᠲᠤᠳᠬᠠᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠬᠤᠲᠠ | ᠪᠠᠯᠭᠠᠰᠤᠨ ᠳᠤ ᠬᠤᠲᠠ ᠶᠢᠨ ᠲᠣᠭᠤᠷᠢᠭ ᠲᠤ 15 ᠮᠢᠨᠦ᠋ᠲ ᠠᠯᠬᠤᠵᠤ᠂ ᠬᠥᠳᠡᠭᠡ ᠲᠣᠰᠬᠤᠨ ᠳᠤ 5 | ᠺᠢᠯᠣᠮᠧᠲᠷ ᠤᠨ ᠦᠢᠯᠡᠴᠢᠯᠡᠭᠡᠨ ᠤ ᠲᠣᠭᠤᠷᠢᠭ ᠢ ᠬᠠᠮᠤᠷᠤᠭᠰᠠᠨ ᠨᠡᠶᠢᠭᠡᠮ ᠤᠨ ᠳᠠᠭᠠᠳᠬᠠᠯ ᠤᠨ ᠭᠠᠷᠲᠠᠨ | ᠭᠦᠢᠴᠡᠳᠭᠡᠬᠦ ︽ᠣᠶᠢᠷ᠎ᠠ ᠬᠠᠪᠢ ᠳᠠᠭᠠᠨ ᠭᠦᠢᠴᠡᠳᠭᠡᠬᠦ︾ ᠦᠢᠯᠡᠴᠢᠯᠡᠭᠡ ᠶᠢ ᠪᠣᠶ ᠪᠣᠯᠭᠠᠨ᠎ᠠ᠃ | Q4 | Q᠄ ᠡᠨᠡ ᠵᠢᠯ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠪᠥᠬᠦ ᠤᠯᠤᠰ ᠤᠨ ᠮᠤᠵᠢ ᠠᠯᠤᠰᠯᠠᠨ | ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠳᠥᠯᠭᠢᠨ ᠠᠬᠢᠭᠤᠯᠬᠤ | ᠲᠠᠯ᠎ᠠ ᠪᠠᠷ ᠶᠠᠮᠠᠷ ᠶᠠᠮᠠᠷ ᠠᠬᠢᠴᠠ ᠲᠠᠢ ᠪᠣᠯᠤᠭᠰᠠᠨ ᠪᠣᠶ︖ | A᠄ ᠡᠨᠡ ᠵᠢᠯ ᠤᠨ 8 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠮᠤᠵᠢ ᠠᠯᠤᠰᠯᠠᠨ | ᠰᠦᠯᠵᠢᠶᠡᠨ ᠳᠤ ᠬᠤᠯᠪᠣᠭᠰᠠᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠤᠭ᠎ᠠ ᠨᠢᠭᠡᠨᠲᠡ 47. | 51 ᠲᠦᠮᠡ ᠳᠤ ᠬᠦᠷᠴᠦ᠂ ᠨᠢᠳᠤᠨᠤᠨ ᠤ ᠵᠢᠯ ᠤᠨ ᠡᠴᠦᠰ ᠤᠨ ᠬᠢ ᠠᠴᠠ 45.33% ᠪᠠᠷ ᠨᠡᠮᠡᠭᠳᠡᠵᠡᠶ᠃ | ᠡᠭᠦᠨ ᠤ ᠵᠡᠷᠭᠡ ᠳᠤ᠂ ᠡᠨᠡ ᠵᠢᠯ ᠤᠨ ᠲᠦᠷᠦᠭᠦᠤ 8 ᠰᠠᠷ᠎ᠠ ᠳᠤ᠂ ᠪᠥᠬᠦ ᠤᠯᠤᠰ ᠤᠨ ᠡᠮᠨᠡᠯᠭᠡ ᠳᠤ ᠰᠠᠭᠤᠬᠤ᠂ | ᠡᠩ ᠤᠨ ᠡᠭᠦᠳᠡᠨ ᠡᠮᠨᠡᠯᠭᠡ ᠪᠠ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ 5 | ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠮᠤᠵᠢ ᠠᠯᠤᠰᠯᠠᠨ ᠰᠢᠭᠤᠳ | ᠲᠡᠰᠦᠯᠦᠨ ᠪᠤᠳᠤᠭᠰᠠᠨ ᠪᠥᠬᠦ ᠬᠥᠮᠦᠨ ᠤᠳᠠᠭ᠎ᠠ 7216.71 ᠲᠦᠮᠡᠨ ᠬᠥᠮᠦᠨ ᠤᠳᠠᠭ᠎ᠠ ᠳᠤ ᠬᠦᠷᠴᠦ᠂ ᠣᠯᠠᠨ | ᠲᠦᠮᠡᠨ ᠤ ᠣᠷᠣᠯᠠᠨ ᠳᠥᠯᠥᠬᠦ ᠵᠣᠭᠤᠰ ᠢ 972.1 ᠳ᠋ᠦᠩᠰᠢᠭᠤᠷ ᠲᠥᠭᠦᠷᠢᠭ ᠪᠠᠭᠠᠰᠬᠠᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠲᠣᠰ ᠲᠣᠰ 245.1% ᠪᠠ 91.77% ᠪᠠᠷ ᠨᠡᠮᠡᠭᠳᠡᠵᠡᠶ᠃ | ᠣᠳᠣᠬᠠᠨ ᠳᠤ᠂ ᠪᠣᠶ ᠪᠥᠬᠦᠶ ᠳᠠᠭᠠᠳᠬᠠᠯ ᠳᠤ ᠣᠷᠣᠯᠴᠠᠭᠴᠢ ᠴᠥᠮ ᠣᠨᠳᠣᠤ ᠭᠠᠵᠠᠷ ᠲᠤ ᠡᠮᠴᠢᠯᠡᠭᠦᠯᠬᠦ ᠪᠠᠷ | ᠳᠠᠩᠰᠠᠯᠠᠭᠤᠯᠵᠤ ᠪᠣᠯᠤᠨ᠎ᠠ᠂ ᠡᠭᠦᠨ ᠳᠤ ᠲᠦᠷᠭᠡᠨ ᠡᠮᠨᠡᠵᠦ ᠲᠦᠷᠭᠡᠨ ᠠᠪᠤᠷᠬᠠᠤ ᠬᠥᠮᠦᠰ ᠢ ᠨᠢᠭᠡᠨᠲᠡ | ᠳᠠᠩᠰᠠᠯᠠᠭᠤᠯᠤᠭᠰᠠᠨ ᠲᠠᠢ ᠠᠳᠠᠯᠢ ᠪᠠᠷ ᠦᠵᠡᠨ᠎ᠡ᠃ ᠪᠥᠬᠦ ᠤᠯᠤᠰ ᠲᠤ ᠳᠠᠩᠰᠠᠯᠠᠭᠤᠯᠬᠤ ᠬᠦᠴᠦᠨ ᠲᠠᠢ | ᠬᠤᠭᠤᠴᠠᠭ᠎ᠠ ᠶᠢ ᠨᠢᠭᠡᠨᠲᠡ ᠨᠢᠭᠡᠳᠬᠡᠵᠡᠶ᠂ ᠬᠦᠴᠦᠨ ᠲᠠᠢ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠴᠢ | ᠡᠮᠴᠢᠯᠡᠭᠦᠯᠦᠭᠰᠡᠨ ᠭᠠᠵᠠᠷ ᠲᠠᠭᠠᠨ ᠣᠯᠠᠨ ᠤᠳᠠᠭ᠎ᠠ ᠡᠮᠨᠡᠭᠦᠯᠵᠦ ᠪᠣᠯᠬᠤ ᠪᠥᠭᠡᠳ ᠳᠠᠩᠰᠠᠯᠠᠭᠤᠯᠤᠭᠰᠠᠨ ᠭᠠᠵᠠᠷ ᠪᠠ | ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠬᠤᠤᠰ ᠴᠢᠭᠯᠡᠯ ᠢᠶᠠᠷ ᠬᠠᠷᠠᠭᠠᠯᠵᠠᠯ ᠭᠥᠷᠳᠡᠵᠦ ᠪᠣᠯᠤᠨ᠎ᠠ᠃ | Q5 | Q᠄ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠬᠡᠷᠬᠢᠨ ᠨᠠᠩ | ᠳᠥᠭᠦᠮ ᠳᠥᠲᠡ᠂ ᠨᠠᠩ ᠴᠢᠨᠠᠷ ᠰᠠᠶᠢᠲᠠᠶ᠂ ᠨᠠᠩ ᠥᠨᠳᠥᠷ ᠪᠦᠲᠦᠮᠵᠢᠲᠡᠶ ᠪᠣᠯᠭᠠᠬᠤ ᠪᠣᠶ︖ | A᠄ ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠶᠠᠪᠤᠳᠠᠯ ᠤᠨ ᠡᠮᠦᠨ᠎ᠡ ᠬᠤᠭᠤᠴᠠᠭᠠᠨ ᠳᠤ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ 28 ᠵᠦᠢᠯ ᠤᠨ ᠡᠮ | ᠡᠮᠨᠡᠯᠭᠡ ᠶᠢᠨ ᠳᠠᠭᠠᠳᠬᠠᠯ ᠤᠨ ᠪᠠᠶᠢᠩᠭᠤ ᠬᠡᠷᠡᠭᠯᠡᠬᠦ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠬᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠪᠠ ᠰᠢᠢᠳᠪᠦᠷᠢᠯᠡᠵᠦ ᠳᠠᠭᠤᠰᠬᠠᠬᠤ ᠴᠠᠭ ᠤᠨ | ᠬᠢᠵᠠᠭᠠᠷ ᠵᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠡ ᠠᠴᠠ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠬᠡᠷᠡᠭ ᠡᠷᠬᠢᠯᠡᠬᠦ ᠭᠤᠭᠴᠤᠭ᠎ᠠ ᠶᠢ ᠴᠣᠮᠬᠠᠳᠬᠠᠬᠤ ᠪᠠ ᠶᠠᠪᠤᠴᠠ ᠶᠢ ᠲᠠᠬᠢᠨ ᠪᠦᠲᠦᠭᠡᠬᠦ ᠶᠢ | ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠨᠢᠭᠡ ᠬᠤᠳᠠ ᠳᠤ ᠪᠦᠬᠦᠨ ᠢ ᠰᠢᠢᠳᠪᠦᠷᠢᠯᠡᠬᠦ | ︾ ᠶᠢ ᠢᠳᠡᠪᠬᠢᠲᠡᠢ ᠠᠬᠢᠭᠤᠯᠤᠨ᠎ᠠ᠃ | ᠬᠤᠶᠠᠷ ᠲᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠶᠢᠨ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠪᠥᠬᠦ ︽ᠲᠦᠷᠢᠮ︾ ᠳᠤ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ ᠨᠡᠶᠢᠭᠡᠮ ᠤᠨ | ᠳᠠᠭᠠᠳᠬᠠᠯ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠵᠠᠰᠠᠭ ᠤᠨ ᠣᠷᠳᠣᠨ ᠤ ᠰᠦᠯᠵᠢᠶᠡᠨ ᠤ ᠦᠷᠳᠡᠭᠡ᠂ | ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠠᠷᠭ᠎ᠠ ᠵᠠᠮ ᠢᠶᠠᠷ ᠰᠢᠢᠳᠪᠦᠷᠢᠯᠡᠵᠦ ᠪᠣᠯᠤᠨ᠎ᠠ | ᠭᠡᠵᠦ ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠢᠨᠲ᠋ᠧᠷ ᠰᠦᠯᠵᠢᠶ᠎ᠡ᠂ ᠲᠣᠮᠣ | ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ᠂ ᠡᠮ ᠡᠮᠨᠡᠯᠭᠡ ᠶᠢᠨ ᠳᠠᠭᠠᠳᠬᠠᠯ ᠤᠨ | ᠭᠠᠷᠲᠠᠨ ᠭᠦᠢᠴᠡᠳᠭᠡᠬᠦ ᠪᠥᠬᠦ ᠶᠠᠪᠤᠴᠠ ᠶᠢᠨ ᠲᠣᠭᠠᠴᠢᠯᠠᠭᠰᠠᠨ ᠦᠢᠯᠡᠴᠢᠯᠡᠭᠡ ᠶᠢ ᠳᠥᠯᠭᠢᠨ ᠠᠬᠢᠭᠤᠯᠵᠤ᠂ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ ᠭᠦᠢᠴᠡᠳᠭᠡᠬᠦ︾ ︽ᠠᠯᠠᠭᠠᠨ | ᠳᠡᠭᠡᠷ᠎ᠡ ᠠᠴᠠ ᠭᠦᠢᠴᠡᠳᠭᠡᠬᠦ︾ ᠶᠢ ᠲᠦᠷᠭᠡᠳᠬᠡᠨ ᠠᠬᠢᠭᠤᠯᠵᠤ᠂ ︽ᠣᠯᠠᠨ ᠲᠦᠮᠡᠨ ᠭᠦᠶᠦᠯᠳᠦᠬᠦ︾ ᠶᠢ ︽ᠲᠤᠭ᠎ᠠ | ᠪᠠᠷᠢᠮᠲᠠ ᠶᠢᠨ ᠭᠦᠶᠦᠯᠲᠡ ᠶᠢᠨ ᠵᠠᠮ︾ ᠪᠣᠯᠭᠠᠨ ᠬᠤᠪᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠶᠢ | ᠳᠡᠭᠡᠭᠰᠢᠯᠡᠭᠦᠯᠦᠨ᠎ᠡ᠃ | ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠣᠣᠷ ᠢ ᠲᠦᠷᠭᠡᠪᠴᠢᠯᠡᠨ ︽ᠲᠦᠷᠢᠮ︾ | ᠳᠤ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ | ᠮᠤᠵᠢ᠂ ᠬᠤᠲᠠ᠂ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠢ | ᠪᠦᠬᠦᠨ ᠢ ᠬᠠᠮᠤᠷᠬᠤ ᠶᠢ ᠪᠡᠶᠡᠯᠡᠭᠦᠯᠬᠦ ᠬᠡᠷᠡᠭᠲᠡᠶ ᠭᠡᠵᠦ ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠠᠴᠠ ᠦᠨᠳᠦᠰᠦᠨ ᠱᠠᠲᠤᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡ ᠶᠢ ᠦᠷᠭᠦᠯᠵᠢᠯᠡᠨ ᠳᠣᠷᠣᠭᠰᠢ ᠪᠠᠭᠤᠯᠭᠠᠬᠤ ᠶᠢ | ᠠᠬᠢᠭᠤᠯᠤᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠣᠭᠤᠷᠢᠭ︾ ᠢ | ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠣᠨᠳᠣᠤ ᠭᠠᠵᠠᠷ ᠲᠤ | ᠡᠮᠴᠢᠯᠡᠭᠦᠯᠬᠦ ᠶᠢ ᠳᠠᠩᠰᠠᠯᠠᠭᠤᠯᠬᠤ ᠵᠡᠷᠭᠡ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠰᠢᠶᠠᠩ ᠪᠠᠯᠭᠠᠰᠤ | ︵ᠵᠡᠭᠡᠯᠢ ᠭᠤᠳᠤᠮᠵᠢ︶᠂ ᠴᠢᠨᠠᠭᠰᠢᠯᠠᠪᠠᠯ ᠲᠣᠰᠬᠤᠨ ︵ᠨᠡᠶᠢᠭᠡᠮ ᠲᠣᠭᠤᠷᠢᠭ︶ ᠳᠤ ᠬᠦᠷᠭᠡᠨ ᠰᠢᠢᠳᠪᠦᠷᠢᠯᠡᠵᠦ᠂ | ᠣᠯᠠᠨ ᠲᠦᠮᠡᠨ ᠤ ︽ᠬᠠᠵᠠᠭᠤ ᠳᠤᠨᠢ ᠭᠦᠢᠴᠡᠳᠭᠡᠬᠦ︾ ᠳᠤ ᠲᠥᠬᠦᠮ ᠦᠵᠡᠭᠦᠯᠦᠨ᠎ᠡ᠃ | ᠲᠦᠷᠪᠡ ᠳᠤ᠂ ᠡᠮ ᠡᠮᠨᠡᠯᠭᠡ ᠶᠢᠨ ᠳᠤᠯᠠᠭᠠᠯᠭ᠎ᠠ ᠶᠢᠨ ᠰᠡᠳᠬᠢᠯ ᠤᠨ ᠠᠵᠢᠯ ᠤᠨ ᠠᠯᠪᠠᠨ ᠭᠡᠷ ᠢ ᠦᠷᠭᠦᠯᠵᠢᠯᠡᠨ | ᠠᠬᠢᠭᠤᠯᠤᠨ᠎ᠠ᠃ ︽ᠲᠦᠷᠢᠮ︾ ᠳᠤ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠠᠷᠰᠢ ᠰᠠᠭᠠᠳ ᠥᠬᠡᠶ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠩᠭᠠᠵᠤ᠂ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠲᠥᠬᠦᠮ ᠦᠵᠡᠭᠦᠯᠬᠦ ᠬᠡᠷᠡᠭᠲᠡᠶ ᠭᠡᠵᠦ | ᠲᠣᠭᠲᠠᠭᠠᠵᠠᠶ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠮ ᠡᠮᠨᠡᠯᠭᠡ ᠶᠢᠨ | ᠳᠠᠭᠠᠳᠬᠠᠯ ᠤᠨ ᠪᠠᠷᠢᠮᠵᠢᠶᠠᠵᠢᠭᠤᠯᠤᠯᠲᠠ ᠶᠢᠨ ᠴᠣᠩᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ᠂ | ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠦᠢᠯᠡᠴᠢᠯᠡᠭᠡᠨ ᠤ ᠲᠥᠬᠦᠭᠡᠷᠦᠮᠵᠢ ᠶᠢᠨ | ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠪᠠ ᠬᠠᠷᠰᠢ ᠰᠠᠭᠠᠳ ᠥᠬᠡᠶ ᠮᠡᠳᠡᠭᠡ ᠵᠠᠩᠭᠢ ᠶᠢᠨ ᠦᠢᠯᠡᠴᠢᠯᠡᠭᠡ ᠶᠢ | ᠳᠥᠯᠭᠢᠨ ᠠᠬᠢᠭᠤᠯᠵᠤ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ᠂ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮ | ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠬᠠᠮᠢᠶᠠᠷᠤᠯᠲᠠ ᠦᠢᠯᠡᠴᠢᠯᠡᠭᠡᠨ ᠤ ᠦᠨᠡᠯᠡᠯᠲᠡ ᠶᠢ | ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |