ᠦᠨᠳᠦᠰᠦᠲᠡᠨ ᠤ ᠪᠦᠯᠬᠦᠮᠳᠡᠯ ᠰᠢᠶᠠᠩ 2023 ᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠲᠣᠭᠠᠴᠢᠨ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/11
      ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 11᠎ ᠤ ᠡᠳᠦᠷ ᠦᠨᠳᠦᠰᠦᠲᠡᠨ ᠤ ᠪᠦᠯᠬᠦᠮᠳᠡᠯ ᠰᠢᠶᠠᠩ 2023 ᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠤᠯᠢ ᠶᠢ ᠲᠣᠭᠠᠴᠢᠨ ᠦᠨᠡᠯᠡᠬᠦ ᠬᠤᠷᠠᠯ ᠬᠤᠷᠠᠯᠳᠤᠭᠤᠯᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠦᠢᠯᠡᠰ ᠤᠨ ᠨᠢᠭᠡᠴᠢ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠣᠮᠢᠯᠠᠭᠰᠠᠨ ᠰᠠᠯᠪᠤᠷᠢ᠂ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠡ᠂ ᠬᠠᠤᠯᠢ ᠴᠠᠭᠠᠵᠠ ᠶᠢᠨ ᠭᠠᠵᠠᠷ ᠲᠠᠢ ᠪᠦᠯᠬᠦᠮᠳᠡᠬᠦ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠦᠯᠬᠦᠮᠳᠡᠵᠦ ᠪᠠᠶᠢᠭᠠᠳ ᠬᠠᠤᠯᠢ ᠶᠢᠨ ᠲᠤᠬᠠᠢ ᠲᠣᠭᠠᠴᠢᠯᠲᠠ ᠶᠢ ᠬᠢᠵᠦ᠂ ᠰᠢᠶᠠᠩ ᠤᠨ ᠨᠠᠮ ᠤᠨ ᠬᠤᠷᠢᠶᠠᠨ ᠤ ᠭᠡᠰᠢᠭᠦᠳ ᠬᠠᠤᠯᠢ ᠶᠢᠨ ᠲᠤᠬᠠᠢ ᠲᠣᠭᠠᠴᠢᠯᠲᠠ ᠶᠢ ᠦᠨᠡᠯᠡᠬᠦ ᠶᠢᠨ ᠬᠠᠮᠲᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠵᠢᠯ ᠤᠨ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠵᠢᠯ ᠤᠨ ᠲᠤᠷᠰᠢ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠢᠨ ᠮᠡᠳᠡᠭᠦᠯᠦᠯᠲᠡ ᠳᠡᠭᠡᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠭᠰᠡᠨ ᠪᠥᠭᠡᠳ ᠪᠠᠰᠠ ᠬᠦᠷᠦᠯᠴᠡᠬᠦ ᠦᠭᠡᠢ ᠠᠰᠠᠭᠤᠳᠠᠯ ᠢ ᠪᠠᠶᠢᠴᠠᠭᠠᠨ ᠳᠡᠯᠭᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠪᠣᠯᠤᠨ ᠬᠠᠷᠢᠭᠤᠴᠠᠯᠭ᠎ᠠ ᠪᠠᠨ ᠢᠯᠡᠷᠡᠭᠦᠯᠵᠦ᠂ ᠲᠤᠷᠰᠢᠯᠭ᠎ᠠ ᠪᠠᠨ ᠰᠣᠯᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠬᠠᠷᠢᠯᠴᠠᠨ ᠠᠳᠠᠯᠢᠳᠬᠠᠨ ᠰᠤᠷᠤᠯᠴᠠᠬᠤ ᠪᠠᠷ ᠳᠠᠮᠵᠢᠨ ᠬᠠᠤᠯᠢ ᠶᠢᠨ ᠮᠡᠳᠡᠭᠦᠯᠦᠯᠲᠡ ᠶᠢᠨ ᠠᠵᠢᠯ ᠤᠨ ᠦᠷ᠎ᠡ ᠪᠦᠲᠦᠮᠵᠢ ᠳᠤ ᠬᠦᠷᠴᠡᠢ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠥᠳᠡᠭᠡ ᠲᠣᠰᠬᠤᠨ ᠢᠶᠠᠨ ᠵᠠᠰᠠᠬᠤ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠭᠠᠴᠠᠭᠠᠨ ᠤ ᠠᠷᠠᠳ ᠤᠨ ᠵᠥᠪᠯᠡᠯ ᠲᠠᠢ ᠢᠯᠡᠭᠦᠬᠡᠨ ᠬᠠᠷᠢᠯᠴᠠᠵᠤ᠂ ᠰᠢᠶᠠᠩ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠠᠵᠢᠯ ᠤᠨ ᠡᠭᠦᠷᠭᠡ ᠴᠢᠳᠠᠪᠤᠷᠢ ᠪᠠᠨ ᠬᠠᠮᠵᠢᠯᠴᠠᠨ ᠭᠦᠢᠴᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠤᠷᠪᠠ ᠳᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠢ ᠤᠯᠠᠮ ᠴᠢᠨᠠᠭᠰᠢᠳᠠ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠰᠤᠷᠤᠯᠴᠠᠬᠤ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠰᠤᠷᠤᠯᠴᠠᠬᠤ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠠᠪᠤᠳᠠᠯ ᠢᠶᠠᠷ ᠪᠦᠬᠦ ᠰᠢᠶᠠᠩ ᠤᠨ ᠺᠠᠳ᠋ᠷ ᠤᠯᠠᠨ ᠲᠦᠮᠡᠨ ᠤ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠳᠠᠶᠢᠴᠢᠯᠠᠬᠤ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3