ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠵᠠᠰᠠᠭ ᠤᠨ | ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠨᠠᠭᠰᠢᠳᠠ ᠨᠠᠶᠢᠳᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 11 ᠤ ᠡᠳᠦᠷ | ᠦᠨᠳᠦᠰᠦᠲᠡᠨ ᠤ ᠪᠦᠯᠬᠦᠮᠳᠡᠯ ᠰᠢᠶᠠᠩ 2023 ᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ | ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠤᠯᠢ ᠶᠢ | ᠲᠣᠭᠠᠴᠢᠨ ᠦᠨᠡᠯᠡᠬᠦ ᠬᠤᠷᠠᠯ ᠬᠤᠷᠠᠯᠳᠤᠭᠤᠯᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ | ᠠᠵᠢᠯ ᠦᠢᠯᠡᠰ ᠤᠨ ᠨᠢᠭᠡᠴᠢ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠣᠮᠢᠯᠠᠭᠰᠠᠨ ᠰᠠᠯᠪᠤᠷᠢ᠂ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠤᠪᠴᠢᠶ᠎ᠡ᠂ ᠬᠠᠤᠯᠢ ᠴᠠᠭᠠᠵᠠ ᠶᠢᠨ ᠭᠠᠵᠠᠷ ᠲᠠᠢ ᠪᠦᠯᠬᠦᠮᠳᠡᠬᠦ ᠵᠢᠴᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠦᠯᠬᠦᠮᠳᠡᠵᠦ ᠪᠠᠶᠢᠭᠠᠳ ᠬᠠᠤᠯᠢ ᠶᠢᠨ | ᠲᠤᠬᠠᠢ ᠲᠣᠭᠠᠴᠢᠯᠲᠠ ᠶᠢ ᠬᠢᠵᠦ᠂ ᠰᠢᠶᠠᠩ ᠤᠨ ᠨᠠᠮ ᠤᠨ ᠬᠤᠷᠢᠶᠠᠨ ᠤ ᠭᠡᠰᠢᠭᠦᠳ ᠬᠠᠤᠯᠢ ᠶᠢᠨ ᠲᠤᠬᠠᠢ ᠲᠣᠭᠠᠴᠢᠯᠲᠠ ᠶᠢ | ᠦᠨᠡᠯᠡᠬᠦ ᠶᠢᠨ ᠬᠠᠮᠲᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠵᠢᠯ ᠤᠨ ᠲᠤᠷᠰᠢ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ | ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠢᠨ | ᠮᠡᠳᠡᠭᠦᠯᠦᠯᠲᠡ ᠳᠡᠭᠡᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠭᠰᠡᠨ ᠪᠥᠭᠡᠳ ᠪᠠᠰᠠ ᠬᠦᠷᠦᠯᠴᠡᠬᠦ ᠦᠭᠡᠢ ᠠᠰᠠᠭᠤᠳᠠᠯ ᠢ | ᠪᠠᠶᠢᠴᠠᠭᠠᠨ ᠳᠡᠯᠭᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠪᠣᠯᠤᠨ ᠬᠠᠷᠢᠭᠤᠴᠠᠯᠭ᠎ᠠ ᠪᠠᠨ ᠢᠯᠡᠷᠡᠭᠦᠯᠵᠦ᠂ ᠲᠤᠷᠰᠢᠯᠭ᠎ᠠ ᠪᠠᠨ | ᠰᠣᠯᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠬᠠᠷᠢᠯᠴᠠᠨ ᠠᠳᠠᠯᠢᠳᠬᠠᠨ ᠰᠤᠷᠤᠯᠴᠠᠬᠤ ᠪᠠᠷ ᠳᠠᠮᠵᠢᠨ ᠬᠠᠤᠯᠢ ᠶᠢᠨ | ᠮᠡᠳᠡᠭᠦᠯᠦᠯᠲᠡ ᠶᠢᠨ ᠠᠵᠢᠯ ᠤᠨ ᠦᠷ᠎ᠡ ᠪᠦᠲᠦᠮᠵᠢ ᠳᠤ ᠬᠦᠷᠴᠡᠢ᠃ | ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠥᠳᠡᠭᠡ ᠲᠣᠰᠬᠤᠨ ᠢᠶᠠᠨ ᠵᠠᠰᠠᠬᠤ | ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠤᠶᠠᠷ ᠲᠤ᠂ ᠠᠵᠢᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠭᠠᠴᠠᠭᠠᠨ ᠤ ᠠᠷᠠᠳ ᠤᠨ ᠵᠥᠪᠯᠡᠯ ᠲᠠᠢ ᠢᠯᠡᠭᠦᠬᠡᠨ ᠬᠠᠷᠢᠯᠴᠠᠵᠤ᠂ | ᠰᠢᠶᠠᠩ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠠᠵᠢᠯ ᠤᠨ ᠡᠭᠦᠷᠭᠡ ᠴᠢᠳᠠᠪᠤᠷᠢ ᠪᠠᠨ | ᠬᠠᠮᠵᠢᠯᠴᠠᠨ ᠭᠦᠢᠴᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠤᠷᠪᠠ ᠳᠤ᠂ ᠵᠠᠩᠭᠢᠯᠠᠭ᠎ᠠ ᠶᠢᠨ | ᠴᠥᠭᠡᠨ ᠲᠣᠭᠠᠲᠠᠨ ᠢ ᠤᠯᠠᠮ ᠴᠢᠨᠠᠭᠰᠢᠳᠠ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ | ᠰᠤᠷᠤᠯᠴᠠᠬᠤ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ | ᠰᠤᠷᠤᠯᠴᠠᠬᠤ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠠᠪᠤᠳᠠᠯ ᠢᠶᠠᠷ ᠪᠦᠬᠦ ᠰᠢᠶᠠᠩ ᠤᠨ ᠺᠠᠳ᠋ᠷ | ᠤᠯᠠᠨ ᠲᠦᠮᠡᠨ ᠤ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠳᠠᠶᠢᠴᠢᠯᠠᠬᠤ ᠬᠡᠷᠡᠭᠲᠡᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |