ᠮᠠᠨ ᠤ ᠰᠢᠶᠠᠨ ᠰᠤᠷᠭᠠᠭᠤᠯᠢ ᠶᠢᠨ ᠬᠤᠭᠤᠯᠠᠨ ᠭᠡᠷ ᠤᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11᠎ ᠤ ᠡᠳᠦᠷ᠂ ᠰᠢᠩ ᠡᡁᠧ ᠰᠢᠶᠠᠨ ᠤ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢ ᠵᠣᠬᠢᠶᠠᠨ ᠪᠠᠶᠢᠭᠤᠯᠵᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶ᠎ᠡ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠪᠦᠬᠦ ᠰᠢᠶᠠᠨ ᠤ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠪᠠ᠃      ᠬᠠᠤᠯᠢ ᠬᠡᠷᠡᠭᠵᠢᠭᠦᠯᠬᠦ ᠠᠵᠢᠯᠲᠠᠨ ᠮᠠᠨ ᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ ᠤᠨ ᠠᠷᠤ ᠶᠢᠨ ᠲᠣᠭᠤᠭᠠᠨ ᠬᠡᠷ ᠲᠤ ᠢᠷᠡᠵᠦ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠠᠵᠢᠯᠯᠠᠬᠤ ᠲᠠᠰᠤᠭ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠬᠠᠳᠠᠭᠠᠯᠠᠬᠤ ᠵᠢᠴᠢ ᠬᠤᠭᠤᠯᠠ ᠪᠤᠳᠠᠭᠠᠨ ᠤ ᠦᠨ᠎ᠡ ᠬᠠᠩᠰᠢ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠬᠢᠨᠠᠯᠲᠠ ᠲᠠᠯᠪᠢᠪᠠ᠃ ᠰᠤᠷᠭᠠᠭᠤᠯᠢ ᠶᠢ ᠰᠢᠪᠠᠳᠠᠵᠤ ᠪᠠᠶᠢᠭᠠᠳ ᠬᠤᠭᠤᠯᠠᠨ ᠭᠡᠷ ᠤᠨ ᠣᠷᠴᠢᠨ ᠲᠣᠭᠤᠷᠢᠨ ᠳᠤ ᠥᠨᠴᠥᠭ ᠪᠤᠯᠤᠩ ᠦᠯᠡᠳᠡᠭᠡᠬᠦ ᠦᠭᠡᠶ ᠪᠠᠷ ᠠᠷᠢᠭᠤᠨ ᠴᠡᠪᠡᠷ ᠢ ᠠᠷᠢᠭᠤᠳᠬᠠᠵᠤ᠂ ᠲᠠᠯᠠᠪᠤᠷ ᠭᠠᠵᠠᠷ ᠵᠢᠴᠢ ᠪᠡᠯᠡᠳᠬᠡᠮᠵᠢ ᠲᠥᠬᠦᠭᠡᠷᠦᠮᠵᠢ ᠶᠢᠨ ᠠᠷᠢᠭᠤᠨ ᠴᠡᠪᠡᠷ ᠢ ᠪᠠᠲᠤᠯᠠᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠂ ᠭᠡᠷᠡᠴᠢ ᠪᠠᠷᠢᠮᠲᠠ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠮᠠᠲ᠋ᠧᠷᠢᠶᠠᠯ ᠬᠠᠩᠭᠠᠬᠤ ᠠᠮᠤᠷ ᠲᠦᠪᠰᠢᠨ ᠪᠥᠭᠡᠳ ᠲᠣᠭᠲᠠᠪᠤᠷᠢᠲᠠᠶ ᠠᠷᠭ᠎ᠠ ᠵᠠᠮ ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3