ᠰᠢᠩ ᠾᠧ ᠰᠢᠶᠠᠨ᠄ ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/1/15
      ᠰᠢᠩ ᠡᡁᠧ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠲᠤᠯᠭᠠᠮ᠎ᠠ ᠱᠠᠭᠠᠷᠳᠠᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠤᠷᠢᠳ ᠬᠤᠵᠢᠳ ︽ᠰᠢᠶᠠᠩ ︵ᠪᠠᠯᠭᠠᠰᠤ︶ ᠲᠣᠰᠬᠤᠨ ᠢ ᠨᠢᠭᠡ ᠴᠤᠭᠴᠠᠵᠢᠭᠤᠯᠬᠤ︾᠂ ︽ᠲᠣᠭᠤᠷᠢᠨ ᠪᠠᠶᠢᠴᠠᠭᠠᠬᠤ ᠨᠢᠭᠡᠴᠡ ᠲᠣᠰᠬᠤᠨ ᠢ ᠳᠠᠭᠠᠭᠤᠯᠬᠤ︾᠂ ︽ᠰᠢᠭᠤᠳ ᠲᠣᠭᠤᠷᠢᠨ ᠪᠠᠶᠢᠴᠠᠭᠠᠬᠤ︾︾ ᠵᠡᠷᠭᠡ ᠠᠷᠭ᠎ᠠ ᠬᠡᠯᠪᠡᠷᠢ ᠪᠠᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠠᠢ᠃ ᠣᠳᠣᠬᠠᠨ ᠪᠣᠯᠲᠠᠯ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠡ ᠨᠢᠭᠡᠨᠲᠡ ᠵᠢᠷᠭᠤᠭᠠᠨ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ 4 ᠰᠢᠶᠠᠩ ᠪᠠᠯᠭᠠᠰᠤ 74 ᠲᠣᠰᠬᠤᠨ ᠳᠤ ᠬᠤᠯᠪᠣᠭᠳᠠᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠪᠦᠬᠦᠨ ᠢ ᠪᠦᠷᠬᠦᠬᠦᠯᠬᠦ ᠶᠢᠨ 46% ᠢ ᠪᠡᠶᠡᠯᠡᠭᠦᠯᠵᠦ᠂ 586 ᠠᠰᠠᠭᠤᠳᠠᠯ ᠢ ᠢᠯᠡᠷᠡᠭᠦᠯᠵᠦ᠂ 10 ᠭᠠᠷᠤᠢ ᠠᠷᠠᠳ ᠤᠨ ᠠᠮᠢᠳᠤᠷᠠᠯ ᠤᠨ ᠬᠦᠷᠢᠶᠡᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃      ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠤᠯᠠᠨ ᠲᠦᠮᠡᠨ ᠤ ᠤᠯᠤᠯᠴᠠᠭ᠎ᠠ ᠨᠡᠪᠲᠡᠷᠡᠯᠴᠡᠭᠡ ᠶᠢᠨ ᠬᠥᠭᠦᠷᠭᠡ ᠶᠢ ᠪᠤᠰᠬᠠᠪᠠ᠃ ︽ᠺᠣᠳ᠋ ᠳᠡᠭᠡᠷᠡᠬᠢ ᠲᠣᠭᠤᠷᠢᠨ ᠪᠠᠶᠢᠴᠠᠭᠠᠯᠲᠠ︾ ᠶᠢᠨ ᠲᠠᠪᠴᠠᠩ ᠢ ᠡᠬᠢᠯᠡᠨ ᠬᠡᠷᠡᠭᠯᠡᠵᠦ᠂ ᠲᠣᠭᠤᠷᠢᠨ ᠪᠠᠶᠢᠴᠠᠭᠠᠯᠲᠠ ᠶᠢᠨ ᠠᠯᠪᠠᠨ ᠵᠠᠷ ᠳᠡᠭᠡᠷ᠎ᠡ ︽ᠬᠤᠶᠠᠷ ᠬᠡᠮᠵᠢᠯᠳᠦ ᠺᠣᠳ᠋︾᠂ ᠵᠠᠬᠢᠳᠠᠯ ᠤᠨ ᠬᠠᠶᠢᠷᠴᠠᠭ᠂ ᠳ᠋ᠢᠶᠠᠩᠬᠤᠸᠠ ᠵᠡᠷᠭᠡ ᠬᠠᠷᠢᠯᠴᠠᠬᠤ ᠠᠷᠭ᠎ᠠ ᠮᠠᠶ᠋ᠢᠭ ᠢ ᠢᠯᠡ ᠪᠣᠯᠭᠠᠵᠤ᠂ ᠣᠯᠠᠨ ᠲᠦᠮᠡᠨ ᠤ ᠮᠡᠳᠡᠬᠦ ᠨᠣᠷᠮ᠎ᠠ ᠶᠢ ᠥᠷᠭᠡᠳᠬᠡᠨ᠎ᠡ᠃ ︽ᠲᠣᠰᠬᠤᠨ ᠤ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠲᠣᠭᠤᠷᠢᠨ ᠪᠠᠶᠢᠴᠠᠭᠠᠬᠤ ᠠᠴᠠ ᠡᠮᠦᠨ᠎ᠡ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠣᠰᠬᠤᠨ ᠤ ᠠᠷᠠᠳ ᠤᠨ ᠡᠷᠤᠭᠡ ᠳᠤ ᠬᠦᠷᠭᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠭᠤᠣᠯᠳᠠᠯᠭ᠎ᠠ ᠶᠢ ᠮᠡᠳᠡᠭᠳᠡᠵᠦ᠂ ᠤᠯᠠᠨ ᠲᠦᠮᠡᠨ ᠭᠠᠳᠠᠭᠰᠢ ᠭᠠᠷᠬᠤ ᠦᠭᠡᠢ ᠪᠣᠯ ᠰᠦᠯᠵᠢᠶ᠎ᠡ ᠪᠠᠷ ᠳᠠᠮᠵᠢᠨ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ ᠲᠤᠰᠬᠠᠬᠤ ᠶᠢ ᠱᠠᠭᠠᠷᠳᠠᠪᠠ᠃ ︽ᠡᠷᠤᠭᠡ ᠳᠤ ᠣᠷᠣᠬᠤ ᠪᠦᠷᠢᠳᠬᠡᠯ ᠤᠨ ᠬᠦᠰᠦᠨᠦᠭ︾ ᠢ ᠲᠠᠭᠯᠠᠵᠤ᠂ ᠴᠠᠭᠳᠠᠨ ᠪᠠᠶᠢᠴᠠᠭᠠᠬᠤ ᠺᠠᠳ᠋ᠷ ᠲᠣᠰᠬᠤᠨ ᠳᠤ ᠣᠷᠣᠵᠤ ᠡᠷᠤᠭᠡ ᠳᠤ ᠣᠷᠣᠵᠤ᠂ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠦᠷᠢᠳᠬᠡᠯ ᠤᠨ ᠬᠦᠰᠦᠨᠦᠭᠲᠦ ᠳᠤ ᠲᠠᠭᠯᠠᠵᠤ᠂ ᠤᠯᠠᠨ ᠲᠦᠮᠡᠨ ᠤ ᠦᠰᠦᠭ ᠪᠢᠴᠢᠵᠦ ᠴᠢᠳᠠᠬᠤ ᠦᠭᠡᠢ᠂ ᠭᠠᠷ ᠤᠲᠠᠰᠤ ᠪᠢᠴᠢᠵᠦ ᠴᠢᠳᠠᠬᠤ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠪᠡ᠃ ᠡᠭᠦᠨ ᠠᠴᠠ ᠭᠠᠳᠠᠨ᠎ᠠ ᠂ ᠲᠣᠭᠤᠷᠢᠨ ᠪᠠᠶᠢᠴᠠᠭᠠᠬᠤ ᠳᠤᠭᠤᠶᠢᠯᠠᠩ ᠪᠠᠰᠠ ︽ᠳᠤᠯᠤᠭ᠎ᠠ ᠶᠢ ᠵᠠᠪᠠᠯ ᠰᠤᠷᠪᠤᠯᠵᠢᠯᠠᠬᠤ︾᠂ ︽ᠲᠠᠪᠤ ᠶᠢ ᠵᠠᠪᠠᠯ ᠶᠠᠷᠢᠯᠴᠠᠬᠤ︾᠂ ︽ᠪᠠᠭ᠎ᠠ ᠯᠠᠪᠠᠷ︾᠂ ︽ᠪᠠᠭ᠎ᠠ ᠰᠠᠨᠳᠠᠯᠢ ᠶᠢᠨ ᠠᠵᠢᠯ ᠤᠨ ᠠᠷᠭ᠎ᠠ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠶᠠᠷᠢᠶ᠎ᠠ ᠥᠭᠦᠯᠡᠯ ᠤᠨ ᠵᠠᠮ ᠢ ᠥᠷᠭᠡᠨ ᠢᠶᠠᠷ ᠨᠡᠭᠡᠭᠡᠵᠦ᠂ ᠤᠯᠠᠨ ᠲᠦᠮᠡᠨ ᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠤ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠥᠷᠭᠡᠨ ᠢᠶᠠᠷ ᠴᠤᠭᠯᠠᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢ ᠲᠠᠯᠪᠢᠵᠤ ᠥᠭᠴᠡᠢ᠃      ᠨᠠᠷᠢᠯᠢᠭ ᠣᠨᠣᠴᠠᠲᠠᠶ ᠪᠠᠷ ᠬᠦᠴᠦᠯᠡᠵᠦ᠂ ᠵᠠᠬᠢᠳᠠᠯ ᠢᠶᠠᠷ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠴᠠᠭᠳᠠᠨ ᠪᠠᠶᠢᠴᠠᠭᠠᠬᠤ ᠳᠤᠭᠤᠶᠢᠯᠠᠩ ᠨᠢ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠰᠡᠷᠭᠡᠭ ᠴᠢᠨᠠᠷ ᠢᠶᠠᠷ ᠴᠢᠩᠭ᠎ᠠ᠂ ᠮᠠᠭᠠᠳᠯᠠᠭᠰᠠᠨ ᠢᠶᠠᠷ ᠣᠨᠣᠪᠴᠢ ᠥᠬᠡᠶ ᠠᠰᠠᠭᠤᠳᠠᠯ ᠳᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ︽ᠬᠠᠮᠵᠢᠯᠴᠠᠨ ᠪᠠᠶᠢᠴᠠᠭᠠᠬᠤ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠠᠯᠪᠠᠨ ᠪᠢᠴᠢᠭ ᠭᠠᠷᠭᠠᠨ ᠴᠠᠭᠳᠠᠨ ᠪᠠᠶᠢᠴᠠᠭᠠᠬᠤ ᠳᠤᠭᠤᠶᠢᠯᠠᠩ ᠳᠤ ᠬᠠᠷᠢᠭᠤ ᠥᠭᠴᠦ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠬᠤ ᠡᠷᠬᠡ ᠰᠦᠷᠲᠦ ᠴᠢᠨᠠᠷ ᠢ ᠨᠡᠮᠡᠭᠳᠡᠭᠦᠯᠬᠦ ᠬᠡᠷᠡᠭᠲᠡᠶ᠃ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠴᠠᠭ ᠲᠤᠬᠠᠢ ᠳᠤᠨᠢ ᠰᠢᠶᠠᠩ ︵ᠪᠠᠯᠭᠠᠰᠤ︶ ᠤᠨ ᠨᠠᠮ ᠤᠨ ᠬᠤᠷᠢᠶ᠎ᠡ ᠳᠤ ︽ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢᠨ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠰᠢᠶᠠᠩ ᠪᠠᠯᠭᠠᠰᠤᠨ ᠤ ᠨᠠᠮ ᠤᠨ ᠬᠤᠷᠢᠶ᠎ᠡ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠰᠬᠤᠨ ᠤ ᠱᠠᠲᠤᠨ ᠤ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ᠂ ᠲᠡᠷᠡ ᠳᠠᠷᠤᠢ ᠳᠤᠨᠢ ᠮᠡᠳᠡᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠠᠬᠢᠭᠤᠯᠵᠤ᠂ ᠵᠠᠮ ᠶᠠᠪᠤᠬᠤ ᠳᠤ ᠬᠦᠴᠢᠷ᠂ ᠤᠰᠤ ᠬᠡᠷᠡᠭᠯᠡᠬᠦ ᠳᠤ ᠬᠦᠴᠢᠷ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠲᠦᠮᠵᠢᠲᠡᠢ ᠨᠡᠮᠡᠭᠳᠡᠭᠦᠯᠵᠡᠢ᠃      ᠳᠥᠷᠪᠡᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠡᠭᠡᠯᠵᠢ ᠪᠦᠷᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠡ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ  ᠬᠤᠷᠢᠶ᠎ᠡ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ ᠂ ᠰᠢᠶᠠᠨ ᠤ ᠨᠠᠮ ᠤᠨ ᠬᠤᠷᠢᠶ᠎ᠡ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠬᠠᠮᠲᠤᠷᠠᠨ ᠬᠠᠷᠢᠭᠤ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠣᠭᠤᠷᠢᠨ ᠳᠤ ᠵᠦᠢᠯ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠪᠦᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠬᠠᠷᠢᠭᠤ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠠᠷᠢᠭᠤ ᠰᠤᠷᠪᠤᠯᠵᠢᠯᠠᠬᠤ ᠳᠤᠭᠤᠶᠢᠯᠠᠩ ᠤᠨ ᠬᠢᠨ ᠬᠠᠷᠢᠭᠤ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠪᠢᠴᠢᠵᠦ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠬᠢᠨ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠰᠠᠭᠤᠳᠠᠯ ᠢ ᠦᠷᠭᠦᠯᠵᠢᠯᠡᠨ ᠮᠥᠷᠳᠡᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠤᠨ ᠨᠣᠮᠧᠷ ᠢ ᠬᠠᠰᠤᠬᠤ ᠶᠢ ᠦᠭᠡᠶᠢᠰᠬᠡᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠵᠤ᠂ ︽ᠲᠣᠭᠤᠷᠢᠨ ᠪᠠᠶᠢᠴᠠᠭᠠᠬᠤ︾᠂ ᠶᠣᠰᠣ ᠶᠢᠨ ᠲᠡᠳᠦᠢ ᠥᠩᠭᠡᠷᠡᠭᠦᠯᠬᠦ ᠵᠡᠷᠭᠡ ᠠᠰᠠᠭᠤᠳᠠᠯ ᠠᠴᠠ ᠡᠷᠡᠰ ᠵᠠᠶᠢᠯᠠᠰᠬᠢᠪᠡ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3