ᠯᠢ ᠺᠠᠶ ᠳ᠋ᠦᠩ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/16
      1 ᠰᠠᠷ᠎ᠠ ᠶᠢᠨ 15᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠰᠢᠩ ᠡᡁᠧ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠠᠢ᠃      ᠬᠤᠷᠠᠯ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠰᠢᠩ ᠾᠧ ᠰᠢᠶᠠᠨ ᠤ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠢᠯᠡᠳᠬᠡᠯ︾ ᠵᠡᠷᠭᠡ ᠶᠠᠪᠤᠳᠠᠯ ᠤᠳ ᠢ ᠰᠤᠳᠤᠯᠪᠠ᠃ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ᠂ 2024 ᠣᠨ ᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠶᠠᠪᠤᠳᠠᠯ ᠢ ᠵᠣᠯᠭᠠᠭᠤᠯᠵᠤ᠂ ︽2024 ᠣᠨ ᠤ ᠲᠥᠪ ᠤᠨ ᠡᠳ᠋ ᠤᠨ ᠵᠠᠰᠠᠭ ᠠᠴᠠ ᠪᠡᠯᠡ ᠮᠥᠩᠭᠦ ᠶᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶᠎ ᠶᠢ ᠤᠷᠢᠳᠴᠢᠯᠠᠨ ᠪᠠᠭᠤᠯᠭᠠᠬᠤ ᠲᠤᠬᠠᠢ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ  ᠴᠢᠩᠭᠠᠳᠬᠠᠭᠰᠠᠨ ᠨᠢ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠬᠦ ᠶᠢᠨ ᠬᠠᠮᠲᠤ ᠰᠢᠶᠠᠨ ᠤ ᠨᠠᠮ ᠤᠨ ᠬᠤᠷᠢᠶ᠎ᠡ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠭᠤᠣᠯᠳᠠᠯᠭ᠎ᠠ ᠶᠢ ᠳᠤᠪᠤᠶᠢᠯᠭᠠᠵᠤ᠂ ᠵᠠᠩᠭᠢᠯᠠᠭ᠎ᠠ ᠶᠢ ᠡᠵᠡᠮᠳᠡᠵᠦ᠂ ᠡᠨᠡ ᠵᠢᠯ ᠤᠨ ᠬᠥᠭᠵᠢᠯᠲᠡ ᠶᠢᠨ ᠰᠡᠳᠬᠢᠴᠡ ᠪᠣᠯᠤᠨ ᠬᠠᠷᠠᠯᠲᠠ ᠡᠭᠦᠷᠭᠡ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤ ᠪᠠᠷ ᠪᠠᠷᠠᠬᠤ ᠦᠭᠡᠶ᠂ ᠨᠡᠩ ᠴᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠢᠴᠡᠳ ᠡᠮᠬᠢᠯᠡᠵᠦ ᠰᠢᠩᠭᠡᠭᠡᠨ ᠠᠪᠴᠤ᠂ ᠮᠡᠳᠡᠭᠦᠯᠦᠯᠲᠡ ᠶᠢᠨ ᠨᠠᠷᠢᠨ ᠵᠦᠢᠯᠡᠰ ᠢ ᠵᠣᠯᠭᠠᠭᠤᠯᠤᠨ ᠵᠣᠬᠢᠴᠠᠭᠤᠯᠬᠤ ᠶᠢ ᠴᠢᠬᠤᠯᠠᠴᠢᠯᠠᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠬᠤᠳᠠ ᠶᠢᠨ ᠬᠤᠶᠠᠷ ᠬᠤᠷᠠᠯ ᠤᠨ ᠥᠭᠦᠯᠡᠯᠲᠡ ᠶᠢᠨ ᠰᠢᠰᠲ᠋ᠧᠮ ᠲᠠᠢ ᠳᠡᠭᠡᠳᠦ ᠲᠤᠤᠷᠠᠳᠤ ᠱᠠᠳᠤ ᠶᠢ ᠰᠠᠶᠢᠲᠤᠷ ᠨᠡᠪᠲᠡᠷᠡᠭᠦᠯᠵᠦ᠂ ᠮᠡᠳᠡᠭᠦᠯᠦᠯᠲᠡ ᠶᠢᠨ ᠠᠭᠤᠯᠭ᠎ᠠ ᠶᠢ ᠲᠠᠬᠢᠨ ᠲᠡᠭᠦᠯᠳᠡᠷᠵᠢᠭᠦᠯᠵᠦ᠂ ᠲᠠᠬᠢᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠭᠦᠭᠰᠡᠨ ᠰᠠᠶᠢᠨ ᠮᠡᠳᠡᠭᠦᠯᠦᠯᠲᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ︽2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾᠎ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠩ ᠾᠧ ᠬᠥᠭᠵᠢᠭᠦᠯᠦᠯᠲᠡ ᠶᠢᠨ ᠪᠣᠳᠠᠲᠠᠶ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠᠲᠤ ᠡᠭᠦᠷᠭᠡ ᠲᠠᠢ ᠬᠠᠷᠢᠴᠠᠭᠤᠯᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠂ ᠪᠣᠳᠠᠲᠠᠶ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠲᠤᠪᠴᠢᠶ᠎ᠡ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠪᠠᠷ ᠬᠥᠲᠥᠯᠬᠦ ᠶᠢ ᠴᠢᠩᠭᠠᠳᠬᠠᠵᠤ᠂ ᠡᠳ᠋ ᠤᠨ ᠬᠦᠴᠦᠨ ᠤ ᠬᠡᠮᠵᠢᠶ᠎ᠡ ᠶᠢ ᠥᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠢᠵᠠᠭᠠᠷ ᠲᠠᠢ ᠡᠳ᠋ ᠤᠨ ᠬᠦᠴᠦᠨ ᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠤ ᠭᠠᠵᠠᠷ ᠲᠤ ᠦᠨᠡᠨ ᠬᠦ ᠬᠡᠷᠡᠭᠯᠡᠬᠦ ᠬᠡᠷᠡᠭᠲᠡᠢ᠃ ᠪᠠᠯᠠ ᠮᠥᠩᠭᠦ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠱᠠᠲᠤ ᠱᠠᠲᠤ ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠮᠠᠲ᠋ᠧᠷᠢᠶᠠᠯ ᠤᠨ ᠪᠦᠷᠢᠨ ᠲᠡᠭᠦᠯᠳᠡᠷ᠂ ᠲᠥᠷᠥᠯ ᠵᠦᠢᠯ ᠤᠨ ᠠᠬᠢᠴᠠ ᠶᠢᠨ ᠴᠠᠭ ᠲᠤᠬᠠᠶ ᠳᠤᠨᠢ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3