1 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ ᠠᠩᠬᠠᠳᠤᠭᠠᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ | ᠶᠠᠷᠢᠯᠴᠠᠬᠤ ᠬᠠᠤᠯᠢ︾ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠰᠢᠩ ᠡᡁᠧ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠠᠢ᠃ | ᠬᠤᠷᠠᠯ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠡᠶᠡᠯᠡᠭᠦᠯᠦᠭᠰᠡᠨ ᠪᠠᠶᠢᠳᠠᠯ ᠪᠣᠯᠤᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠰᠡᠨ ᠲᠦᠷᠦᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽2024 ᠣᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠰᠢᠩ ᠾᠧ ᠰᠢᠶᠠᠨ ᠤ 2023 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ | 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠦᠯ ᠤᠨ ᠲᠤᠬᠠᠶ ᠢᠯᠡᠳᠬᠡᠯ︾ ᠵᠡᠷᠭᠡ ᠶᠠᠪᠤᠳᠠᠯ ᠤᠳ ᠢ ᠰᠤᠳᠤᠯᠪᠠ᠃ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠲᠥᠰᠦᠯ᠂ 2024 ᠣᠨ ᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠶᠠᠪᠤᠳᠠᠯ ᠢ | ᠵᠣᠯᠭᠠᠭᠤᠯᠵᠤ᠂ ︽2024 ᠣᠨ ᠤ ᠲᠥᠪ ᠤᠨ ᠡᠳ᠋ ᠤᠨ ᠵᠠᠰᠠᠭ ᠠᠴᠠ ᠪᠡᠯᠡ ᠮᠥᠩᠭᠦ ᠶᠢ ᠵᠣᠯᠭᠠᠭᠤᠯᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠡᠯᠡ ᠮᠥᠩᠭᠦ ︵ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠤᠷᠢᠳᠴᠢᠯᠠᠨ ᠪᠠᠭᠤᠯᠭᠠᠬᠤ ᠲᠤᠬᠠᠢ ᠬᠡᠷᠡᠭᠵᠢᠭᠦᠯᠬᠦ ᠲᠥᠰᠦᠯ︾ | ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠩᠭᠠᠳᠬᠠᠭᠰᠠᠨ ᠨᠢ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠡᠵᠡᠮᠰᠢᠬᠦ ᠶᠢᠨ ᠬᠠᠮᠲᠤ ᠰᠢᠶᠠᠨ ᠤ ᠨᠠᠮ ᠤᠨ ᠬᠤᠷᠢᠶ᠎ᠡ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠭᠤᠣᠯᠳᠠᠯᠭ᠎ᠠ ᠶᠢ ᠳᠤᠪᠤᠶᠢᠯᠭᠠᠵᠤ᠂ ᠵᠠᠩᠭᠢᠯᠠᠭ᠎ᠠ ᠶᠢ | ᠡᠵᠡᠮᠳᠡᠵᠦ᠂ ᠡᠨᠡ ᠵᠢᠯ ᠤᠨ ᠬᠥᠭᠵᠢᠯᠲᠡ ᠶᠢᠨ ᠰᠡᠳᠬᠢᠴᠡ ᠪᠣᠯᠤᠨ ᠬᠠᠷᠠᠯᠲᠠ ᠡᠭᠦᠷᠭᠡ ᠶᠢ ᠤᠯᠠᠮ ᠴᠢᠨᠠᠭᠰᠢᠳᠠ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ | ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ | ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ | ᠪᠣᠯᠬᠤ ᠪᠠᠷ ᠪᠠᠷᠠᠬᠤ ᠦᠭᠡᠶ᠂ ᠨᠡᠩ ᠴᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠠᠷᠠᠳ ᠲᠦᠮᠡᠨ ᠳᠤ ᠬᠢᠭᠰᠡᠨ | ᠲᠥᠪ ᠴᠢᠩᠭ᠎ᠠ ᠠᠮᠠᠯᠠᠯᠲᠠ ᠮᠥᠨ᠃ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ | ᠭᠦᠢᠴᠡᠳ ᠡᠮᠬᠢᠯᠡᠵᠦ ᠰᠢᠩᠭᠡᠭᠡᠨ ᠠᠪᠴᠤ᠂ ᠮᠡᠳᠡᠭᠦᠯᠦᠯᠲᠡ ᠶᠢᠨ ᠨᠠᠷᠢᠨ ᠵᠦᠢᠯᠡᠰ ᠢ ᠵᠣᠯᠭᠠᠭᠤᠯᠤᠨ | ᠵᠣᠬᠢᠴᠠᠭᠤᠯᠬᠤ ᠶᠢ ᠴᠢᠬᠤᠯᠠᠴᠢᠯᠠᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠬᠤᠳᠠ ᠶᠢᠨ ᠬᠤᠶᠠᠷ | ᠬᠤᠷᠠᠯ ᠤᠨ ᠥᠭᠦᠯᠡᠯᠲᠡ ᠶᠢᠨ ᠰᠢᠰᠲ᠋ᠧᠮ ᠲᠠᠢ ᠳᠡᠭᠡᠳᠦ ᠲᠤᠤᠷᠠᠳᠤ ᠱᠠᠳᠤ ᠶᠢ ᠰᠠᠶᠢᠲᠤᠷ ᠨᠡᠪᠲᠡᠷᠡᠭᠦᠯᠵᠦ᠂ | ᠮᠡᠳᠡᠭᠦᠯᠦᠯᠲᠡ ᠶᠢᠨ ᠠᠭᠤᠯᠭ᠎ᠠ ᠶᠢ ᠲᠠᠬᠢᠨ ᠲᠡᠭᠦᠯᠳᠡᠷᠵᠢᠭᠦᠯᠵᠦ᠂ ᠲᠠᠬᠢᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ | ᠱᠠᠭᠠᠷᠳᠠᠯᠭ᠎ᠠ ᠳᠤ ᠨᠡᠶᠢᠴᠡᠭᠰᠡᠨ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠤᠯᠠᠨ ᠲᠦᠮᠡᠨ ᠤ ᠬᠦᠰᠡᠯ | ᠡᠷᠡᠮᠡᠯᠵᠡᠯ ᠳᠤ ᠬᠠᠷᠢᠭᠤ ᠥᠭᠭᠦᠭᠰᠡᠨ ᠰᠠᠶᠢᠨ ᠮᠡᠳᠡᠭᠦᠯᠦᠯᠲᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ︽2024 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠰᠢᠩ ᠾᠧ ᠬᠥᠭᠵᠢᠭᠦᠯᠦᠯᠲᠡ ᠶᠢᠨ ᠪᠣᠳᠠᠲᠠᠶ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ | ᠂ ᠬᠤᠲᠠ ᠶᠢᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠᠲᠤ ᠡᠭᠦᠷᠭᠡ ᠲᠠᠢ ᠬᠠᠷᠢᠴᠠᠭᠤᠯᠵᠤ᠂ ᠡᠯ᠎ᠡ ᠲᠠᠯ᠎ᠠ ᠶᠢᠨ ᠰᠠᠨᠠᠯ | ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠶ᠂ ᠪᠣᠳᠠᠲᠠᠶ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ | ᠲᠤᠪᠴᠢᠶ᠎ᠡ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠲᠦᠷᠦ ᠶᠢᠨ ᠪᠤᠳᠤᠯᠭ᠎ᠠ ᠪᠠᠷ ᠬᠥᠲᠥᠯᠬᠦ ᠶᠢ ᠴᠢᠩᠭᠠᠳᠬᠠᠵᠤ᠂ ᠡᠳ᠋ ᠤᠨ ᠬᠦᠴᠦᠨ ᠤ ᠬᠡᠮᠵᠢᠶ᠎ᠡ ᠶᠢ | ᠥᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ | ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠢᠵᠠᠭᠠᠷ ᠲᠠᠢ ᠡᠳ᠋ ᠤᠨ ᠬᠦᠴᠦᠨ ᠢ ᠬᠥᠭᠵᠢᠯᠲᠡ ᠶᠢᠨ | ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠤ ᠭᠠᠵᠠᠷ ᠲᠤ ᠦᠨᠡᠨ ᠬᠦ ᠬᠡᠷᠡᠭᠯᠡᠬᠦ ᠬᠡᠷᠡᠭᠲᠡᠢ᠃ | ᠪᠠᠯᠠ ᠮᠥᠩᠭᠦ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠪᠠᠯᠠ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠳᠤ ᠱᠠᠲᠤ ᠱᠠᠲᠤ ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠲᠥᠷᠥᠯ ᠵᠦᠢᠯ ᠤᠨ ᠮᠠᠲ᠋ᠧᠷᠢᠶᠠᠯ ᠤᠨ ᠪᠦᠷᠢᠨ ᠲᠡᠭᠦᠯᠳᠡᠷ᠂ ᠲᠥᠷᠥᠯ ᠵᠦᠢᠯ ᠤᠨ ᠠᠬᠢᠴᠠ ᠶᠢᠨ ᠴᠠᠭ ᠲᠤᠬᠠᠶ ᠳᠤᠨᠢ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ | ᠣᠷᠣᠯᠴᠠᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |