ᠳ᠋ᠢᠶᠠᠨ ᠽᠢ ᠪᠠᠯᠭᠠᠰᠤᠨ ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/17
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ 1 ᠰᠠᠷ᠎ᠠ ᠶᠢᠨ 15᠎ ᠤ ᠡᠳᠦᠷ᠂ ᠰᠢᠩ ᠡᡁᠧ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠨ ᠳ᠋ᠢᠶᠠᠨ ᠽᠢ ᠪᠠᠯᠭᠠᠰᠤᠨ ᠤ ᠯᠠᠮᠠ ᠶᠢᠩ ᠲᠣᠰᠬᠤᠨ ᠤ ᠠᠷᠠᠳ ᠤᠨ ᠵᠥᠪᠯᠡᠯ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠡᠢ᠃      ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠪᠠ᠃ ᠨᠠᠮ ᠤᠨ ᠬᠢᠴᠢᠶᠡᠯ ᠨᠢ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠲᠠᠪᠤᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠶ ᠣᠶᠢᠯᠠᠭᠠᠬᠤ︾ ᠲᠤᠰᠬᠠᠶ ᠰᠡᠳᠦᠪ ᠤᠨ ᠲᠣᠭᠤᠷᠢᠨ ᠳᠤ᠂ ︽ᠲᠠᠪᠤᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤ ᠭᠦᠨ ᠰᠡᠳᠬᠢᠯᠭᠡ ᠶᠢᠨ ᠰᠠᠨᠠᠭᠠᠯᠵᠠᠯ ᠪᠠ ᠴᠢᠩ ᠰᠡᠳᠬᠢᠯ ᠤᠨ ᠨᠠᠶᠢᠳᠠᠯᠭ᠎ᠠ ᠬᠤᠶᠠᠷ ᠲᠠᠯ᠎ᠠ ᠶᠢ ᠴᠠᠭ ᠢᠮᠠᠭᠲᠠ ᠮᠠᠷᠲᠠᠵᠤ ᠪᠣᠯᠬᠤ ᠦᠭᠡᠢ᠃ ᠨᠠᠷᠢᠨ ᠪᠣᠳᠠᠲᠠᠢ᠂ ᠰᠢᠭᠤᠳ ᠲᠡᠦᠬᠡ ᠶᠢᠨ ᠮᠠᠲ᠋ᠧᠷᠢᠶᠠᠯ ᠪᠣᠯᠤᠨ ᠪᠣᠳᠠᠲᠤ  ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠥᠷᠨᠢᠭᠦᠯᠦᠭᠰᠡᠨ ᠴᠥᠬᠦᠷᠡᠰᠢ ᠦᠭᠡᠢ ᠲᠡᠮᠡᠴᠡᠯ ᠤᠨ ᠲᠡᠦᠬᠡ᠂ ᠤᠨᠤᠯ ᠤᠨ ᠰᠦᠪᠡᠭᠴᠢᠯᠡᠯᠳᠡ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ ᠪᠣᠯᠤᠨ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠲᠣᠭᠠᠴᠢᠨ ᠶᠠᠷᠢᠵᠤ᠂ ︽ᠲᠠᠪᠤᠨ ᠥᠭᠦᠯᠡᠪᠦᠷᠢ︾᠎ ᠶᠢᠨ ᠪᠠᠶᠠᠯᠢᠭ ᠠᠭᠤᠯᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠵᠠᠳᠠᠯᠤᠨ ᠰᠢᠨᠵᠢᠯᠡᠵᠡᠢ᠃      ᠬᠤᠷᠠᠯ ᠤᠨ ᠳᠠᠷᠠᠭ᠎ᠠ᠂ ᠨᠠᠮ ᠤᠨ ᠭᠡᠰᠢᠭᠦᠨ ᠺᠠᠳ᠋ᠷ ᠳᠥᠷᠪᠡᠨ ᠳᠤᠭᠤᠶᠢᠯᠠᠩ ᠬᠤᠪᠢᠶᠠᠵᠤ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠡᠷᠦᠬᠡ ᠪᠦᠷᠢ ᠳᠤ ᠨᠠᠮ ᠤᠨ ᠭᠡᠰᠢᠭᠦᠨ ᠺᠠᠳ᠋ᠷᠴᠤᠳ ᠲᠣᠰᠬᠤᠨ ᠤ ᠠᠷᠠᠳ ᠤᠨ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠲᠣᠰᠬᠤᠨ ᠤ ᠠᠷᠠᠳ ᠢ ᠬᠠᠪᠰᠤᠷᠤᠨ ᠴᠡᠪᠡᠷᠯᠡᠭᠡ ᠬᠢᠯᠭᠡᠵᠦ᠂ ᠲᠡᠳᠡᠨ ᠤ ᠰᠠᠨᠠᠯ ᠪᠣᠯᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠨᠢ ᠰᠣᠨᠣᠰᠬᠤ ᠶᠢᠨ ᠬᠠᠮᠲᠤ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠣᠯᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠤᠬᠠᠭᠤᠯᠵᠤ᠂ ︽ᠪᠦᠬᠦᠨ ᠳᠤ ᠳᠤᠬᠢᠷᠠᠬᠤ ᠺᠠᠷᠲ︾᠎ ᠤᠨ ᠨᠡᠷᠡᠰ ᠤᠨ ᠨᠠᠷᠢᠨ ᠳᠠᠩᠰᠠ ᠲᠠᠢ ᠬᠠᠷᠢᠴᠠᠭᠤᠯᠵᠤ᠂ ᠲᠣᠰᠬᠤᠨ ᠤ ᠠᠷᠠᠳ ᠲᠤ ᠰᠢᠨ᠎ᠡ ᠴᠠᠭ ᠦᠶ᠎ᠡ ᠶᠢᠨ 10 ᠵᠢᠯ ᠤᠨ ᠲᠤᠷᠰᠢᠬᠢ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠡ ᠠᠴᠠ ᠥᠪᠥᠷ ᠮᠣᠩᠭᠤᠯ ᠢ ᠬᠠᠯᠠᠮᠵᠢᠯᠠᠨ ᠳᠡᠮᠵᠢᠭᠰᠡᠨ ᠢ ᠤᠢᠢᠯᠠᠭᠠᠭᠤᠯᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3