ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/17
      1 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶ᠎ᠡ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠳᠡᠰ ᠳᠠᠷᠠᠭ᠎ᠠ ᠲᠠᠢ ᠪᠠᠷ ᠶᠠᠷᠢᠶ᠎ᠠ ᠲᠠᠯᠪᠢᠵᠤ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠶᠢᠰᠦᠳᠦᠭᠡᠷ ᠬᠤᠯᠪᠣᠭ᠎ᠠ ᠠᠪᠴᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠥᠷᠨᠢᠭᠦᠯᠦᠭᠰᠡᠨ ᠪᠠᠶᠢᠳᠠᠯ ᠳᠤ ᠦᠨᠡᠯᠡᠯᠲᠡ ᠬᠢᠪᠠ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠴᠢ ᠹᠸᠢ ᠶᠦᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠨᠡᠯᠢᠶᠡᠳ ᠭᠦᠢᠴᠡᠳ᠂ ᠠᠰᠠᠭᠤᠳᠠᠯ ᠢ ᠪᠠᠶᠢᠴᠠᠭᠠᠨ ᠳᠡᠯᠭᠡᠭᠰᠡᠨ ᠨᠢ ᠣᠨᠣᠪᠴᠢᠲᠠᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠡᠯᠢᠶᠡᠳ ᠪᠣᠳᠠᠲᠠᠢ ᠶᠢ ᠡᠷᠬᠢᠮᠯᠡᠵᠦ᠂ ᠴᠢᠬᠢᠨ ᠠᠴᠠ ᠨᠢ ᠵᠠᠭᠤᠵᠤ ᠬᠠᠨᠴᠤᠢ ᠲᠠᠲᠠᠬᠤ᠂ ᠨᠢᠭᠤᠷ ᠤᠯᠠᠶᠢᠯᠭᠠᠨ ᠬᠥᠯᠥᠰᠥ ᠭᠠᠷᠭᠠᠬᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠲᠣᠳᠣᠷᠬᠠᠶᠢᠯᠠᠬᠤ᠂ ᠬᠦᠴᠦᠨ ᠢᠶᠠᠨ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠢ᠃ ᠲᠡᠷᠡ᠂ ᠰᠢᠩ ᠡᡁᠧ ᠰᠢᠶᠠᠨ ᠤ ᠬᠢᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠬᠤ ᠬᠡᠷᠡᠭᠲᠡᠢ᠃ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠥᠭᠵᠢᠭᠦᠯᠦᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠲᠦᠷᠦᠭᠦᠯᠡᠨ ᠪᠠᠷᠢᠮᠵᠢᠶ᠎ᠠ ᠪᠠ ᠬᠦᠰᠦᠨᠦᠭᠲᠦ ᠪᠠᠨ ᠬᠠᠷᠭᠤᠭᠤᠯᠵᠤ᠂ ᠭᠠᠳᠠᠷ ᠳᠣᠲᠣᠷ ᠢᠶᠠᠨ ᠠᠳᠠᠯᠢ ᠪᠠᠶᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠬᠦ ᠬᠡᠷᠡᠭᠲᠡᠢ᠃ ᠲᠦᠷᠦᠭᠦᠯᠡᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠲᠤᠯᠠᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ ᠬᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠭᠦᠯᠦᠨ ᠬᠥᠭᠵᠢᠭᠦᠯᠬᠦ᠂ ᠰᠣᠶᠣᠯ ᠵᠤᠭᠠᠴᠠᠯ ᠢ ᠠᠭᠤᠰᠤᠯᠴᠠᠭᠤᠯᠬᠤ ᠵᠡᠷᠭᠡ ᠲᠠᠯ᠎ᠠ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠰᠠᠶᠢᠲᠤᠷ ᠬᠢᠬᠦ ᠬᠡᠷᠡᠭᠲᠡᠢ᠃ ︽ᠠᠷᠪᠠᠨ ᠲᠦᠷᠪᠡᠨ ᠡᠪᠦᠯ︾ ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠶᠠᠷ ᠬᠤᠷᠠᠯ ᠪᠣᠯᠤᠨ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃      ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠶᠢᠨ ᠤᠳᠤᠷᠢᠳᠬᠤ ᠪᠠᠭ ᠢ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠡᠷᠡ ᠬᠡᠯᠡᠬᠦ ᠳᠡᠭᠡᠨ᠂ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠪᠠ ᠱᠠᠭᠠᠷᠳᠠᠯᠭ᠎ᠠ ᠶᠢᠨ ᠲᠥᠰᠦᠯ ᠲᠣᠭᠲᠠᠭᠠᠵᠤ᠂ ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ ᠰᠦᠪᠡᠭᠴᠢᠯᠡᠬᠦ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠰᠠᠶᠢᠲᠤᠷ ᠬᠡᠪ ᠳᠠᠭᠤᠷᠢᠶᠠᠯ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠪᠦᠬᠦ ᠰᠢᠶᠠᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3