ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠴᠢᠬᠤᠯᠠ ᠶᠡᠭᠡ ᠲᠥᠷᠥᠯ ᠵᠦᠢᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/18
      1 ᠰᠠᠷ᠎ᠠ ᠶᠢᠨ 17᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠴᠢᠬᠤᠯᠠ ᠶᠡᠭᠡ ᠲᠥᠷᠥᠯ  ᠵᠦᠢᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠭᠠᠷᠳᠠᠮ ᠢ  ᠭᠦᠢᠴᠡᠳᠭᠡᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ ᠴᠢᠬᠤᠯᠠ ᠶᠡᠭᠡ ᠲᠦᠷᠦᠯ ᠵᠦᠢᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠨᠢᠭᠡᠳ ᠨᠢᠭᠡ ᠪᠠᠷ ᠰᠤᠳᠤᠯᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠲᠠᠬᠢᠨ ᠭᠦᠨᠵᠡᠭᠡᠶᠢᠷᠡᠭᠦᠯᠵᠦ᠂ ᠲᠠᠬᠢᠨ ᠳᠡᠭᠡᠭᠰᠢᠯᠡᠭᠦᠯᠵᠦ᠂ ᠠᠬᠢᠭᠤᠯᠬᠤ ᠠᠷᠭ᠎ᠠ  ᠬᠡᠮᠵᠢᠶ᠎ᠡ ᠪᠠᠨ ᠲᠠᠬᠢᠨ ᠨᠠᠷᠢᠯᠢᠬᠵᠢᠭᠤᠯᠵᠤ᠂ ᠲᠠᠬᠢᠨ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠠᠭ ᠤᠨ ᠳᠠᠷᠠᠭᠠᠯᠠᠯ ᠢᠶᠠᠷ ᠠᠬᠢᠭᠤᠯᠬᠤ᠂ ᠡᠭᠦᠷᠭᠡ ᠶᠣᠰᠣᠭᠠᠷ ᠨᠠᠶᠢᠳᠠᠪᠤᠷᠢᠵᠢᠭᠤᠯᠬᠤ᠂ ᠬᠠᠷᠠᠯᠲᠠ ᠶᠣᠰᠣᠭᠠᠷ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠡᠯ᠎ᠡ ᠠᠵᠢᠯ ᠤᠨ ᠲᠤᠰᠬᠠᠢ ᠠᠩᠭᠢ᠂ ᠲᠦᠷᠦᠯ ᠵᠦᠢᠯ ᠤᠨ ᠲᠤᠰᠬᠠᠢ ᠲᠤᠰᠢᠶᠠᠯᠲᠠᠨ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠬᠠᠷᠢᠭᠤᠴᠠᠯᠭ᠎ᠠ ᠶᠢ ᠮᠡᠳᠡᠵᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠠ ᠲᠣᠬᠢᠶᠠᠯ ᠢ ᠠᠮᠵᠢᠨ ᠠᠬᠢᠴᠠ ᠶᠢ ᠠᠳᠬᠤᠵᠤ᠂ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠶᠢ ᠠᠳᠬᠤᠵᠤ᠂ ᠡᠮᠦᠨᠡᠬᠢ ᠬᠤᠭᠤᠴᠠᠭ᠎ᠠ ᠶᠢ ᠠᠬᠢᠭᠤᠯᠵᠤ᠂ ᠡᠷᠴᠢᠮ ᠢᠶᠠᠨ ᠴᠢᠩᠭᠠᠷᠠᠭᠤᠯᠤᠨ ᠵᠣᠬᠢᠴᠠᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠲᠦᠷᠦᠯ ᠵᠦᠢᠯ ᠤᠨ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠬᠢᠨᠠᠨ ᠵᠥᠪᠰᠢᠶᠡᠷᠡᠯ ᠢ ᠲᠦᠷᠭᠡᠳᠬᠡᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠬᠤ ᠶᠢᠨ ᠬᠠᠮᠲᠤ ᠪᠦᠬᠦ ᠰᠢᠶᠠᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠪᠦᠬᠦ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠰᠢᠯᠢᠳᠡᠭᠵᠢᠭᠦᠯᠵᠦ᠂ ᠪᠣᠳᠠᠲᠤ ᠴᠣᠭᠴᠠ ᠶᠢᠨ ᠠᠵᠤ ᠦᠢᠯᠡᠰ ᠢ ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠬᠦᠩ ᠰᠢᠤ ᠯᠦᠩ᠂ ᠡᡁᠸᠥ ᠶᠢᠩ᠂ ᠳ᠋ᠦᠩ ᠬᠤᠩ ᠦ᠋ ᠬᠤᠷᠠᠯ ᠳᠤ ᠣᠷᠣᠯᠴᠠᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3