ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/18
     1 ᠰᠠᠷ᠎ᠠ ᠶᠢᠨ 17᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2024 ᠣᠨ ᠤ ᠭᠤᠷᠪᠠᠳᠠᠬᠢ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2023 ᠣᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠨ ᠦᠵᠡᠵᠦ᠂ ᠣᠪᠣᠷ ᠤᠨ ᠲᠠᠯ᠎ᠠ ᠪᠠᠷ ᠲᠥᠪ ᠪᠠᠶᠢᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠪᠥᠭᠡᠳ ᠡᠷᠲᠡ ᠠᠴᠠ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠪᠠᠶᠢᠳᠠᠯ ᠨᠡᠯᠢᠶᠡᠳ ᠪᠤᠳᠤᠯᠢᠶᠠᠨᠲᠠᠢ᠂ ᠲᠦᠷ ᠴᠠᠭ ᠴᠡᠭᠴᠡᠯᠡᠨ ᠰᠠᠶᠢᠵᠢᠷᠠᠭᠤᠯᠬᠤ ᠳᠤ ᠬᠦᠴᠢᠷᠲᠡᠢ ᠠᠰᠠᠭᠤᠳᠠᠯ ᠳᠤ ᠲᠥᠯᠥᠪᠯᠡᠭᠡ ᠲᠣᠭᠲᠠᠭᠠᠵᠤ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠠᠯᠬᠤᠮ ᠬᠤᠪᠢᠶᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠳᠤᠷ᠎ᠠ ᠪᠠᠷ ᠨᠢ ᠲᠠᠯᠪᠢᠭᠠᠳ ᠬᠠᠮᠢᠶᠠᠷᠬᠤ ᠦᠭᠡᠢ᠂ ᠬᠠᠶᠠᠨ ᠳᠤᠨᠢ ᠬᠠᠶᠠᠭᠠᠳ ᠬᠠᠮᠢᠶᠠᠷᠬᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠵᠦ᠂ ᠦᠨᠡᠨ ᠪᠣᠳᠠᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠵᠤᠷᠪᠤᠰ ᠳᠠᠷᠠᠭᠠᠯᠠᠨ ᠡᠮᠬᠢᠯᠡᠨ ᠪᠠᠶᠢᠭᠤᠯᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ᠂ ᠬᠦᠩ ᠰᠢᠤ ᠯᠦᠩ᠂ ᠡᡁᠸᠥ ᠶᠢᠩ᠂ ᠳ᠋ᠦᠩ ᠬᠤᠩ ᠡᠦ ᠂ ᠡᡁᠸᠥ ᡁᠢ ᠶᠦᠩ ᠬᠤᠷᠠᠯ ᠳᠤ ᠣᠷᠣᠯᠴᠠᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3